ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2024 ᠰᠣᠶᠣᠯ ᠤᠨ ᠵᠢᠭᠤᠯᠴᠢᠯᠠᠯ ᠤᠨ ᠤᠬᠠᠭᠤᠯᠤᠨ ᠲᠠᠨᠢᠯᠴᠠᠭᠤᠯᠬᠤ ᠬᠤᠷᠠᠯ ᠬᠠᠷᠪᠢᠨ᠂ ᠴᠠᠩᠴᠦ᠋ᠨ ᠳᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/5/14
    5 ᠰᠠᠷ᠎ᠠ ᠶᠢᠨ 9 ᠤ ᠡᠳᠦᠷ ᠠᠴᠠ 11 ᠤ ᠡᠳᠦᠷ ᠪᠣᠯᠲᠠᠯ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠴᠦᠩᠬᠦᠯ ᠤᠨ ᠭᠤᠤ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠴᠦᠩᠬᠦᠯ ᠵᠢᠭᠤᠯᠴᠢᠯᠠᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠠᠭᠠᠭᠠᠨ ᠡᠷᠭᠢᠯᠡᠭᠰᠡᠨ ︽ᠲᠦᠩᠯᠢᠶᠣᠣ ᠳᠠᠬᠢ ᠠᠶᠠᠯᠠᠯ · ᠬᠤᠶᠢᠲᠤ ᠬᠤᠰᠢᠭᠤ ᠳᠠᠬᠢ ᠠᠭᠤᠯᠵᠠᠯᠳᠠ︾ ᠲᠦᠩᠯᠢᠶᠣᠣ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2024 ᠰᠣᠶᠣᠯ ᠵᠢᠭᠤᠯᠴᠢᠯᠠᠯ ᠤᠨ ᠤᠬᠠᠭᠤᠯᠤᠨ ᠲᠠᠨᠢᠯᠴᠠᠭᠤᠯᠬᠤ ᠬᠤᠷᠠᠯ ᠬᠠᠷᠪᠢᠨ᠂ ᠴᠠᠩᠴᠦ᠋ᠨ ᠬᠤᠶᠠᠷ ᠭᠠᠵᠠᠷ ᠲᠤ ᠠᠮᠵᠢᠯᠲᠠ ᠲᠠᠢ ᠶᠠᠪᠤᠭᠳᠠᠪᠠ᠃ ᠬᠤᠶᠠᠷ ᠭᠠᠵᠠᠷ ᠤᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠥᠯᠥᠭᠡᠯᠡᠭᠴᠢ᠂ ᠳᠤᠮᠳᠠᠳᠤ ᠤᠯᠤᠰ ᠤᠨ ᠷᠠᠳᠢᠣ᠋ ᠨᠡᠪᠲᠡᠷᠡᠭᠦᠯᠭᠡ ᠶᠢᠨ ᠰᠦᠯᠵᠢᠶ᠎ᠡ᠂ ᠲᠥᠪ ᠤᠨ ᠷᠠᠳᠢᠣ᠋ ᠨᠡᠪᠲᠡᠷᠡᠭᠦᠯᠭᠡ ᠶᠢᠨ ᠰᠦᠯᠵᠢᠶ᠎ᠡ ᠵᠡᠷᠭᠡ ᠡᠯ᠎ᠡ ᠱᠠᠲᠤᠨ ᠤ ᠵᠠᠭᠤᠴᠢᠯᠠᠭᠤᠷ ᠤᠨ ᠬᠢᠨ ᠣᠷᠣᠯᠴᠠᠪᠠ᠃
  科左后旗2024文旅宣传推介会01.jpg
     ᠲᠠᠨᠢᠯᠴᠠᠭᠤᠯᠭ᠎ᠠ ᠶᠢᠨ ᠬᠤᠷᠠᠯ ᠨᠢ ᠵᠠᠮ ᠤᠨ ᠲᠣᠭᠯᠠᠯᠲᠠ᠂ ᠡᠬᠢ ᠪᠠᠶᠠᠯᠢᠭ ᠤᠨ ᠲᠠᠨᠢᠯᠴᠠᠭᠤᠯᠭ᠎ᠠ᠂ ᠤᠷᠠᠨ ᠰᠠᠶᠢᠬᠠᠨ ᠤ ᠲᠣᠭᠯᠠᠯᠲᠠ᠂ ᠲᠣᠭᠯᠠᠭᠠᠮ ᠤᠨ ᠦᠢᠯᠡᠳᠦᠯᠴᠡᠡᠯ ᠵᠡᠷᠭᠡ ᠣᠯᠠᠨ ᠬᠡᠯᠪᠡᠷᠢ ᠪᠠᠷ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠡᠦᠬᠡ ᠰᠣᠶᠣᠯ ᠤᠨ ᠭᠤᠸ᠎ᠠ ᠰᠠᠶᠢᠬᠠᠨ᠂ ᠠᠭᠤᠯᠠ ᠤᠰᠤᠨ ᠤ ᠥᠩᠭᠡ ᠦᠵᠡᠮᠵᠢ ᠶᠢᠨ ᠭᠤᠸ᠎ᠠ ᠰᠠᠶᠢᠬᠠᠨ᠂ ᠦᠨᠳᠦᠰᠦᠲᠡᠨ ᠤ ᠵᠠᠩ ᠦᠢᠯᠡ ᠶᠢᠨ ᠭᠤᠸ᠎ᠠ ᠰᠠᠶᠢᠬᠠᠨ ᠢ ᠳᠡᠯᠭᠡᠨ ᠦᠵᠡᠭᠦᠯᠵᠡᠢ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠴᠦᠩᠬᠦᠯ ᠤᠨ ᠭᠤᠤ ᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠤᠣᠯᠳᠠᠯᠭ᠎ᠠ ᠲᠠᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠳ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠤ ᠮᠠᠰᠢ ᠶᠡᠭᠡ ᠳᠤᠷ᠎ᠠ ᠰᠣᠨᠢᠷᠬᠠᠯ ᠲᠠᠢ ᠪᠣᠯᠤᠭᠰᠠᠨ ᠢᠶᠠᠨ ᠢᠯᠡᠳᠬᠡᠬᠦ ᠶᠢᠨ ᠬᠠᠮᠲᠤ ᠠᠵᠠ ᠲᠣᠬᠢᠶᠠᠯ ᠲᠠᠢ ᠪᠣᠯ ᠪᠡᠶ᠎ᠡ ᠪᠠᠷ ᠢᠶᠠᠨ ᠣᠴᠢᠵᠤ ᠪᠡᠶᠡᠴᠢᠯᠡᠨ ᠣᠶᠢᠯᠠᠭᠠᠬᠤ ᠶᠢ ᠬᠦᠰᠡᠵᠦ ᠪᠠᠶᠢᠯ᠎ᠠ᠃ ᠡᠭᠦᠨ ᠤ ᠵᠡᠷᠭᠡ ᠳᠤ ᠬᠠᠷᠪᠢᠨ᠂ ᠴᠠᠩᠴᠦ᠋ᠨ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠴᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠲᠠᠢ ᠢᠳᠡᠪᠬᠢᠲᠡᠢ ᠵᠣᠯᠭᠠᠭᠤᠯᠵᠤ᠂ ᠬᠠᠮᠲᠤᠷᠠᠨ ᠠᠵᠢᠯᠯᠠᠬᠤ ᠲᠣᠬᠢᠶᠠᠯ ᠢ ᠰᠤᠳᠤᠯᠤᠨ ᠶᠠᠷᠢᠯᠴᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠥᠷᠳᠡᠬᠦ  ᠶᠢ ᠬᠠᠮᠲᠤ ᠪᠠᠷ ᠠᠬᠢᠭᠤᠯᠵᠠᠢ᠃
  科左后旗2024文旅宣传推介会02.jpg
     ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠷᠭᠢᠯᠡᠭᠰᠡᠨ ᠴᠦᠩᠬᠦᠯ ᠤᠨ ᠭᠤᠤ ᠶᠢᠨ ᠦᠵᠡᠮᠵᠢ ᠶᠢᠨ ᠣᠷᠣᠨ ᠢ ᠵᠣᠯᠭᠠᠭᠤᠯᠬᠤ ᠬᠤᠷᠠᠯ ᠳᠤ ᠣᠷᠣᠯᠴᠠᠵᠤ᠂ ᠬᠠᠷᠪᠢᠨ ᠤ ᠵᠢᠭᠤᠯᠴᠢᠯᠠᠭᠴᠢ ᠪᠣᠯᠤᠭᠰᠠᠨ ᠤ ᠬᠤᠪᠢ ᠳᠤ᠂ ᠡᠨᠡ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢᠶᠠᠷ ᠳᠡᠮᠵᠢᠨ᠂ ᠪᠢ ᠠᠳᠠᠯᠢ ᠪᠤᠰᠤ ᠦᠵᠡᠮᠵᠢ ᠶᠢᠨ ᠣᠷᠣᠨ ᠪᠠ ᠰᠣᠶᠣᠯ ᠢ ᠰᠡᠷᠡᠵᠦ ᠮᠡᠳᠡᠭᠰᠡᠨ ᠪᠥᠭᠡᠳ ᠦᠵᠡᠮᠵᠢ ᠶᠢᠨ ᠣᠷᠣᠨ ᠳᠤ ᠡᠯᠡᠰᠦ ᠮᠠᠩᠬ᠎ᠠ ᠲᠠᠢ᠂ ᠲᠠᠯ᠎ᠠ ᠨᠤᠲᠤᠭ ᠲᠠᠢ᠂ ᠨᠣᠭᠤᠭᠠᠨ ᠭᠠᠵᠠᠷ ᠲᠠᠢ᠂ ᠵᠢᠯ ᠤᠨ ᠳᠦᠷᠪᠡᠨ ᠤᠯᠠᠷᠢᠯ ᠳᠤ ᠠᠳᠠᠯᠢ ᠪᠤᠰᠤ ᠵᠤᠭᠠᠴᠠᠯ ᠤᠨ ᠦᠵᠡᠮᠵᠢ ᠶᠢᠨ ᠣᠷᠣᠨ ᠤ ᠰᠣᠶᠣᠯ ᠢ ᠮᠡᠳᠡᠷᠡᠨ᠎ᠡ᠂ ᠬᠠᠷᠪᠢᠨ ᠤ ᠨᠢᠭᠡᠨ ᠠᠵᠢᠯᠯᠠᠭᠴᠢ ᠪᠣᠯᠤᠭᠰᠠᠨ ᠤ ᠬᠤᠪᠢ ᠳᠤ᠂ ᠮᠢᠨᠤ ᠳᠡᠷᠭᠡᠳᠡᠬᠢ ᠵᠤᠭᠠᠴᠠᠯ ᠳᠤ ᠪᠠᠭ᠋ᠠᠲᠠᠢ ᠬᠥᠮᠥᠰ᠂ ᠮᠢᠨᠤ ᠳᠡᠷᠭᠡᠳᠡᠬᠢ ᠵᠣᠴᠢᠨ ᠡᠷᠦᠬᠡ ᠶᠢ ᠪᠠᠭᠲᠠᠭᠠᠭᠰᠠᠨ ᠬᠥᠮᠥᠰ ᠴᠦᠩᠬᠦᠯ ᠤᠨ ᠭᠤᠤ ᠪᠠᠷ ᠲᠤᠭᠤᠷᠢᠨ᠂ ᠮᠠᠨ ᠤ ᠳᠡᠷᠭᠡᠳᠡᠬᠢ ᠬᠤᠲᠠ ᠶᠢᠨ ᠠᠳᠠᠯᠢ ᠪᠤᠰᠤ ᠰᠣᠶᠣᠯ ᠢ ᠮᠡᠳᠡᠷᠡᠭᠦᠯᠬᠦ ᠶᠢ ᠪᠢ ᠬᠦᠰᠡᠵᠦ ᠪᠠᠶᠢᠨ᠎ᠠ᠃ ᠡᠭᠦᠨ ᠤ ᠵᠡᠷᠭᠡ ᠳᠤ ᠪᠢ ᠪᠠᠰᠠ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠪᠣᠯᠣᠨ ᠮᠠᠨ ᠤ ᠬᠠᠷᠪᠢᠨ ᠤ ᠵᠢᠭᠤᠯᠴᠢᠯᠠᠯ ᠤᠨ ᠠᠵᠢᠯᠲᠠᠳ ᠬᠠᠮᠲᠤᠷᠠᠨ ᠬᠤᠷᠴᠢᠨ ᠤ ᠵᠢᠭᠤᠯᠴᠢᠯᠠᠯ ᠢ ᠪᠠᠭᠲᠠᠭᠠᠭᠰᠠᠨ ᠬᠠᠷᠠᠮᠥ᠋ᠷᠡᠨ ᠤ ᠵᠢᠭᠤᠯᠴᠢᠯᠠᠯ ᠢ ᠬᠠᠮᠲᠤ ᠪᠠᠷ ᠰᠠᠶᠢᠲᠤᠷ ᠬᠢᠵᠦ ᠪᠤᠵᠠᠭᠠᠶᠢᠷᠠᠭᠤᠯᠬᠤ ᠶᠢ ᠬᠦᠰᠡᠵᠦ ᠪᠠᠶᠢᠨ᠎ᠠ︾ ᠭᠡᠵᠦ ᠬᠠᠷᠪᠢᠨ ᠤ ᠾᠦᠢ ᠺᠠᠩ ᠵᠢᠭᠤᠯᠴᠢᠯᠠᠯ ᠤᠨ ᠬᠠᠷᠢᠭᠤᠴᠠᠯᠭᠠᠲᠠᠨ ᠵᠠᠩ ᠵᠢᠢ ᠬᠡᠯᠡᠵᠡᠢ᠃
  科左后旗2024文旅宣传推介会03.jpg
  ︽ᠮᠠᠨ ᠤ ᠵᠢᠭᠤᠯᠴᠢᠯᠠᠯ ᠤᠨ ᠺᠣᠮᠫᠠᠨᠢ ᠴᠤ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠢ ᠬᠠᠮᠵᠢᠯᠴᠠᠵᠤ᠂ ᠮᠠᠨ ᠤ ᠵᠢᠭᠤᠯᠴᠢᠯᠠᠭᠴᠢᠳ ᠢ ᠨᠡᠩ ᠰᠠᠶᠢᠨ ᠳᠡᠯᠭᠡᠷᠡᠭᠦᠯᠵᠦ᠂ ᠮᠠᠨ ᠤ ᠵᠢᠭᠤᠯᠴᠢᠯᠠᠭᠴᠢᠳ ᠢ ᠳᠠᠭᠠᠭᠤᠯᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠬᠦᠷᠴᠦ᠂ ᠭᠤᠶᠣ ᠰᠠᠶᠢᠬᠠᠨ ᠦᠵᠡᠮᠵᠢ ᠪᠠ ᠠᠮᠲᠠᠲᠤ ᠢᠳᠡᠭᠡᠨ ᠢ ᠰᠣᠨᠢᠷᠬᠠᠭᠤᠯᠵᠤ᠂ ᠪᠠᠰᠠ ᠦᠨᠳᠦᠰᠦᠲᠡᠨ ᠤ ᠣᠨᠴᠠᠯᠢᠭ ᠲᠠᠢ ᠵᠠᠩ ᠦᠢᠯᠡ  ᠶᠢ ᠰᠣᠨᠢᠷᠬᠠᠭᠤᠯᠤᠨ᠎ᠠ︾ ᠭᠡᠵᠦ ᠬᠢᠷᠢᠨ ᠮᠤᠵᠢ ᠶᠢᠨ ᠬᠤᠸᠠ ᠪᠠᠩ ᠤᠯᠠᠨ ᠤᠯᠤᠰ ᠤᠨ ᠵᠢᠭᠤᠯᠴᠢᠯᠠᠯ ᠤᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠼᠦᠢ ᠶᠦᠩ ᠭᠠᠩ ᠬᠡᠯᠡᠪᠡ᠃
  科左后旗2024文旅宣传推介会04.jpg
     ᠲᠣᠰ ᠤᠳᠠᠭᠠᠨ ᠤ ᠰᠣᠶᠣᠯ ᠵᠢᠭᠤᠯᠴᠢᠯᠠᠯ ᠤᠨ ᠤᠬᠠᠭᠤᠯᠤᠨ ᠲᠠᠨᠢᠯᠴᠠᠭᠤᠯᠬᠤ ᠬᠤᠷᠠᠯ ᠢ ᠠᠮᠵᠢᠯᠲᠠ ᠲᠠᠢ ᠡᠷᠭᠢᠯᠡᠭᠰᠡᠨ ᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠳᠡᠯᠭᠡᠷᠡᠭᠦᠯᠬᠦ ᠪᠠ ᠤᠬᠠᠭᠤᠯᠬᠤ ᠳᠤ ᠲᠠᠪᠴᠠᠩ ᠪᠠᠶᠢᠭᠤᠯᠵᠤ ᠥᠭᠭᠦᠭᠰᠡᠨ ᠢᠶᠠᠷ ᠪᠠᠷᠠᠬᠤ ᠦᠭᠡᠢ ᠪᠠᠰᠠ ᠬᠠᠷᠪᠢᠨ᠂ ᠴᠠᠩᠴᠦ᠋ᠨ ᠤ ᠬᠤᠲᠠ ᠶᠢᠨ ᠠᠷᠠᠳ ᠤᠨ ᠵᠢᠭᠤᠯᠴᠢᠯᠠᠯ ᠳᠤ ᠨᠠᠩ ᠣᠯᠠᠨ ᠡᠰᠢᠵᠢᠭᠰᠡᠨ᠂ ᠥᠪᠡᠷᠮᠢᠴᠡ ᠣᠨᠴᠠᠯᠢᠭ ᠲᠠᠢ ᠰᠣᠶᠣᠯ ᠵᠢᠭᠤᠯᠴᠢᠯᠠᠯ ᠤᠨ ᠰᠣᠩᠭᠤᠯᠲᠠ ᠬᠠᠩᠭᠠᠭᠰᠠᠨ ᠪᠠᠶᠢᠨ᠎ᠠ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠨ ᠬᠢᠨ ᠪᠦᠬᠦ ᠤᠯᠤᠰ ᠤᠨ ᠡᠯ᠎ᠡ ᠭᠠᠵᠠᠷ ᠤᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠ ᠰᠣᠯᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠬᠤ ᠪᠤᠯᠤᠨ᠎ᠠ᠃
  科左后旗2024文旅宣传推介会05.jpg
     ︽ᠬᠠᠷᠪᠢᠨ᠂ ᠴᠠᠩᠴᠦ᠋ᠨ ᠬᠤᠶᠠᠷ ᠭᠠᠵᠠᠷ ᠲᠤ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠲᠠᠮᠵᠢᠨ᠂ ᠬᠠᠷᠪᠢᠨ᠂ ᠴᠠᠩᠴᠦ᠋ᠨ ᠬᠤᠶᠠᠷ ᠭᠠᠵᠠᠷ ᠤᠨ ᠨᠠᠶᠢᠵᠠ ᠨᠠᠷ ᠲᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠠᠩ ᠭᠦᠨᠵᠡᠭᠡᠢ ᠣᠶᠢᠯᠠᠭᠠᠭᠤᠯᠤᠨ᠎ᠠ᠃ ᠲᠤᠬᠠᠢ ᠶᠢᠨ ᠭᠠᠵᠠᠷ ᠤᠨ ᠵᠢᠭᠤᠯᠴᠢᠯᠠᠯ ᠤᠨ ᠭᠠᠵᠠᠷ ᠵᠡᠷᠭᠡ ᠵᠢᠭᠤᠯᠴᠢᠯᠠᠯ ᠤᠨ ᠠᠵᠤ ᠠᠬᠤᠶᠢᠯᠠᠯ ᠲᠠᠢ ᠭᠦᠨᠵᠡᠭᠡᠢ ᠨᠡᠪᠲᠡᠷᠡᠯᠴᠡᠵᠦ᠂ ᠵᠥᠪᠳᠡᠯᠴᠡᠬᠦ ᠪᠠᠷ ᠳᠠᠮᠵᠢᠭᠤᠯᠤᠨ᠂ ᠬᠤᠶᠠᠷ ᠭᠠᠵᠠᠷ ᠤᠨ ᠵᠢᠭᠤᠯᠴᠢᠯᠠᠯ ᠤᠨ ᠬᠠᠮᠲᠤᠷᠠᠯᠴᠠᠭ᠎ᠠ ᠪᠠ ᠵᠢᠭᠤᠯᠴᠢᠯᠠᠭᠴᠢᠳ ᠤᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠡᠢ᠃ ᠲᠠᠷᠠᠭᠠᠴᠢ ᠶᠢᠨ ᠠᠯᠬᠤᠮ ᠳᠤ᠂ ᠪᠢᠳᠡ ᠣᠬᠤᠷ ᠸᠢᠳᠢᠤ᠋᠂ ᠨᠡᠶᠢᠲᠡ ᠶᠢᠨ ᠳ᠋ᠤᠭᠠᠷ᠂ ᠵᠢᠵᠢᠭ ᠫᠷᠣᠭ᠍ᠷᠠᠮ ᠵᠡᠷᠭᠡ ᠰᠦᠯᠵᠢᠶᠡᠨ ᠳᠡᠭᠡᠷᠡᠬᠢ ᠤᠬᠠᠭᠤᠯᠭ᠎ᠠ ᠵᠢᠴᠢ ᠰᠦᠯᠵᠢᠶᠡᠨ ᠭᠠᠳᠠᠨᠠᠬᠢ ᠲᠠᠨᠢᠯᠴᠠᠭᠤᠯᠭ᠎ᠠ ᠶᠢᠨ ᠠᠵᠢᠯᠯᠠᠭ᠎ᠠ ᠶᠢᠨ ᠬᠡᠯᠪᠡᠷᠢ ᠪᠠᠷ ᠳᠠᠮᠵᠢᠭᠤᠯᠤᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠤᠬᠠᠭᠤᠯᠭ᠎ᠠ ᠶᠢ ᠴᠢᠩᠭᠠᠳᠬᠠᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ︾ ᠭᠡᠵᠦ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠬᠠᠨ ᠪᠥᠸᠧ ᠬᠡᠯᠡᠵᠡᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号