ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/5/14
ᠡᠯ᠎ᠡ ᠰᠤᠮᠤ ᠪᠠᠯᠭᠠᠰᠤ ︵ᠲᠠᠯᠠᠪᠠᠶ︶᠂ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠬᠤᠰᠢᠭᠤᠨ ᠤ ᠲᠥᠪ ᠣᠷᠣᠨ ᠬᠤᠲᠠ ᠶᠢᠨ ᠰᠢᠭᠤᠳ ᠬᠠᠷᠢᠶ᠎ᠠ ᠨᠢᠭᠡᠴᠡ ᠳᠤ᠄    ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ︹2020︺ 18 ᠳ᠋ᠤᠭᠠᠷ ᠲᠣᠭᠠᠲᠤ︶ ︽ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︾ ︵ᠥᠪᠥᠷ ᠵᠠᠰᠠᠭ ᠲᠠᠷᠬᠠᠭᠠᠭᠰᠠᠨ ﹇2020﹈ 26 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠨ᠎ᠡ ᠥᠷᠲᠡᠭ ᠢ ᠠᠭᠤᠳᠠᠯᠬᠤ᠂ ᠪᠦᠲᠦᠮᠵᠢᠲᠡᠶ ᠠᠰᠢᠭᠯᠠᠬᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠪᠣᠯᠭᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠷᠢᠮᠲᠠᠯᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢᠶᠠᠷ ᠪᠥᠬᠦ ᠬᠤᠰᠢᠭᠤᠨ ᠤ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃     ᠬᠤᠶᠠᠷ᠂ ᠬᠠᠷᠠᠯᠲᠠ  ᠡᠭᠦᠷᠭᠡ    ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠤᠷᠠᠳᠤᠭᠰᠠᠨ ᠲᠡᠦᠬᠡ ᠶᠢᠨ ᠳᠤᠷᠠᠰᠬᠠᠯᠲᠤ ᠵᠦᠶ᠋ᠯᠡᠰ ᠤᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶ ᠬᠠᠷᠠᠯᠲᠠ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠪᠦᠲᠦᠮᠵᠢᠲᠡᠶ ᠬᠢᠬᠦ ᠪᠠᠷ ᠳᠠᠮᠵᠢᠭᠤᠯᠤᠨ ᠳᠣᠤᠷᠠᠬᠢ ᠮᠡᠲᠦ ᠠᠵᠢᠯ ᠤᠨ ᠬᠠᠷᠠᠯᠲᠠ ᠪᠠ ᠡᠭᠦᠷᠭᠡ ᠶᠢ ᠪᠡᠶᠡᠯᠡᠭᠦᠯᠦᠨ᠎ᠡ᠄ ᠨᠢᠭᠡ ᠳᠤ ᠪᠥᠬᠦ ᠬᠤᠰᠢᠭᠤᠨ ᠤ ᠰᠢᠯᠵᠢᠭᠦᠯᠵᠦ ᠪᠣᠯᠤᠰᠢ ᠥᠬᠡᠶ ᠲᠡᠦᠬᠡ ᠶᠢᠨ ᠳᠤᠷᠠᠰᠬᠠᠯᠲᠤ  ᠵᠦᠢᠯᠡᠰ ᠤᠨ ᠡᠬᠢ ᠪᠠᠶᠠᠯᠢᠭ ᠤᠨ ᠶᠡᠷᠦᠩᠬᠡᠶ ᠭᠠᠷᠴᠠᠭ ᠪᠠ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠡᠳ᠋ ᠬᠥᠷᠥᠩᠭᠡ ᠶᠢᠨ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠦᠨ᠎ᠡ︔ ᠬᠤᠶᠠᠷ ᠲᠤ᠂ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ  ᠵᠦᠢᠯᠡᠰ ᠢ ᠮᠠᠭᠠᠳᠯᠠᠨ ᠲᠣᠭᠲᠠᠭᠠᠬᠤ ᠰᠢᠰᠲ᠋ᠧᠮ ᠢ ᠪᠦᠷᠢᠨᠰᠢᠭᠦᠯᠦᠨ᠎ᠡ︔ ᠭᠤᠷᠪᠠ ᠳᠤ᠂ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠨᠡᠶᠢᠳᠡᠮ ᠪᠠᠶᠢᠴᠠᠭᠠᠬᠤ᠂ ᠲᠤᠰᠬᠠᠶ ᠪᠠᠶᠢᠴᠠᠭᠠᠯᠲᠠ ᠬᠢᠬᠦ᠂ ᠣᠷᠣᠨ ᠵᠠᠶ ᠶᠢ ᠬᠠᠮᠢᠶᠠᠷᠤᠨ ᠡᠵᠡᠮᠳᠡᠬᠦ᠂ ᠬᠥᠳᠡᠯᠦᠩᠭᠦᠶ ᠪᠠᠷ ᠬᠢᠨᠠᠨ ᠬᠡᠮᠵᠢᠬᠦ ᠶᠢ ᠬᠠᠷᠢᠯᠴᠠᠨ ᠤᠶᠠᠯᠳᠤᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ︔ ᠳᠥᠷᠪᠡ ᠳᠤ ᠲᠤᠰᠬᠠᠶ ᠮᠡᠷᠭᠡᠵᠢᠯ ᠤᠨ ᠠᠵᠢᠯᠲᠠᠨ ᠢ ᠬᠥᠮᠦᠵᠢᠭᠦᠯᠦᠨ ᠪᠣᠯᠪᠠᠰᠤᠷᠠᠭᠤᠯᠵᠤ᠂ ᠲᠡᠦᠬᠡ ᠶᠢᠨ ᠳᠤᠷᠠᠰᠬᠠᠯᠲᠤ ᠵᠦᠶ᠋ᠯᠡᠰ ᠢ ᠬᠠᠮᠠᠭᠠᠯᠠᠬᠤ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠪᠦᠬᠦ ᠠᠷᠠᠳ ᠤᠨ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠎ᠡ᠃    ᠭᠤᠷᠪᠠ᠂ ᠨᠡᠶᠢᠳᠡᠮ ᠪᠠᠶᠢᠴᠠᠭᠠᠯᠲᠠ ᠶᠢᠨ ᠬᠡᠪᠴᠢᠶ᠎ᠡ ᠪᠣᠯᠤᠨ ᠠᠭᠤᠯᠭ᠎ᠠ    ︵ᠨᠢᠭᠡ︶ ᠨᠡᠶᠢᠳᠡᠮ ᠪᠠᠶᠢᠴᠠᠭᠠᠬᠤ ᠬᠦᠷᠢᠶ᠎ᠡ ᠬᠡᠪᠴᠢᠶ᠎ᠡ᠃ ᠨᠢᠭᠡᠨᠲᠡ ᠮᠠᠭᠠᠳᠯᠠᠨ ᠲᠤᠭᠲᠠᠭᠠᠭᠰᠠᠨ᠂ ᠳᠠᠩᠰᠠᠯᠠᠭᠰᠠᠨ 920 ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠳᠠᠬᠢᠨ ᠪᠠᠶᠢᠴᠠᠭᠠᠬᠤ ᠶᠢᠨ ᠬᠠᠮᠲᠤ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠪᠠᠶᠢᠴᠠᠭᠠᠵᠤ᠂ ᠮᠠᠭᠠᠳᠯᠠᠨ ᠲᠣᠭᠲᠠᠭᠠᠵᠤ᠂ ᠳᠠᠩᠰᠠᠯᠠᠨ᠎ᠠ᠃   ︵ᠬᠤᠶᠠᠷ︶ ᠨᠡᠶᠢᠳᠡᠮ ᠪᠠᠶᠢᠴᠠᠭᠠᠯᠲᠠ ᠶᠢᠨ ᠠᠭᠤᠯᠭ᠎ᠠ᠃ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠨᠡᠷᠡᠶᠢᠳᠦᠯ ᠂ ᠣᠷᠣᠨ ᠵᠠᠶ ᠶᠢᠨ ᠬᠠᠮᠠᠭᠠᠯᠠᠯᠲᠠ ᠶᠢᠨ ᠵᠡᠷᠭᠡ ᠳᠡᠰ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠥᠷᠥᠯ ᠢᠯᠭᠠᠯ᠂  ᠤᠨ ᠵᠢᠯ᠂ ᠡᠷᠬᠡ ᠶᠢᠨ ᠬᠠᠷᠢᠶ᠎ᠠ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠪᠠᠭᠲᠠᠨ᠎ᠠ᠃    ᠳᠥᠷᠪᠡ᠂ ᠴᠠᠭ ᠬᠤᠭᠤᠴᠠᠭᠠᠨ ᠤ ᠲᠣᠬᠢᠷᠠᠭᠤᠯᠤᠯᠲᠠ    ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠨᠢ 2023 ᠣᠨ ᠤ 11 ᠰᠠᠷ᠎ᠠ ᠠᠴᠠ ᠡᠬᠢᠯᠡᠨ᠂ 2026 ᠣᠨ ᠤ 6 ᠰᠠᠷ᠎ᠠ ᠳᠤ ᠳᠠᠭᠤᠰᠤᠨ᠎ᠠ᠂ ᠭᠤᠷᠪᠠᠨ ᠱᠠᠲᠤ ᠬᠤᠪᠢᠶᠠᠨ ᠶᠠᠪᠤᠭᠳᠠᠨ᠎ᠠ᠃ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠴᠠᠭ ᠪᠣᠯ 2024 ᠣᠨ ᠤ 4 ᠰᠠᠷ᠎ᠠ ᠶᠢᠨ 30 ᠤ ᠡᠳᠦᠷ ᠪᠣᠯᠤᠨ᠎ᠠ᠃    ︵ᠨᠢᠭᠡ︶ ᠨᠢᠭᠡᠳᠦᠭᠡᠷ ᠱᠠᠲᠤ᠃ 2023 ᠣᠨ ᠤ 11 ᠰᠠᠷ᠎ᠠ ᠠᠴᠠ 2024 ᠣᠨ ᠤ 4 ᠰᠠᠷ᠎ᠠ ᠪᠣᠯᠲᠠᠯ᠎ᠠ    ᠠᠵᠢᠯ ᠤᠨ ᠡᠭᠦᠷᠭᠡ᠄ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠣᠯᠤᠨ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠯᠥᠪᠯᠡᠭᠡ ᠲᠣᠭᠲᠠᠭᠠᠵᠤ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠪᠠᠷᠢᠮᠵᠢᠶ᠎ᠠ ᠪᠣᠯᠤᠨ ᠵᠢᠷᠤᠮᠵᠢᠯ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠰᠢᠰᠲ᠋ᠧᠮ ᠬᠢᠭᠡᠳ ᠵᠥᠭᠡᠯᠡᠨ ᠲᠣᠨᠤᠭ ᠢ ᠦᠨᠳᠦᠰᠦᠯᠡᠨ᠂ ᠪᠣᠯᠪᠠᠰᠤᠷᠠᠭᠤᠯᠤᠯ᠂ ᠲᠤᠷᠰᠢᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃   ︵ᠬᠤᠶᠠᠷ᠂ ᠬᠤᠶᠠᠳᠤᠭᠠᠷ ᠱᠠᠳᠤ᠃ 2024 ᠣᠨ ᠤ 5 ᠰᠠᠷ᠎ᠠ ᠠᠴᠠ 2025 ᠣᠨ ᠤ 5 ᠰᠠᠷ᠎ᠠ ᠪᠣᠯᠲᠠᠯ᠎ᠠ   ᠠᠵᠢᠯ ᠤᠨ ᠡᠭᠦᠷᠭᠡ᠄ ᠰᠤᠮᠤ ᠪᠠᠯᠭᠠᠰᠤ ᠪᠠᠷ  ︵ᠲᠠᠯᠠᠪᠠᠢ︶  ᠭᠠᠵᠠᠷ ᠣᠷᠣᠨ  ᠢᠶᠠᠷ ᠦᠨᠳᠦᠰᠦᠨ ᠨᠢᠭᠡᠴᠢ ᠪᠠᠶᠢᠵᠤ ᠂ ᠲᠤᠬᠠᠶ ᠶᠢᠨ ᠭᠠᠵᠠᠷ ᠲᠤᠨᠢ ᠲᠡᠤᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠶᠢ ᠥᠷᠨᠢᠭᠦᠯᠦᠨ᠎ᠡ᠃    ︵ᠭᠤᠷᠪᠠ︶ ᠭᠤᠷᠪᠠᠳᠤᠭᠠᠷ ᠱᠠᠲᠤ᠃ 2025 ᠣᠨ ᠤ 6 ᠰᠠᠷ᠎ᠠ ᠠᠴᠠ 2026 ᠣᠨ ᠤ 6 ᠰᠠᠷ᠎ᠠ ᠪᠣᠯᠲᠠᠯ᠎ᠠ     ᠠᠵᠢᠯ ᠤᠨ ᠡᠭᠦᠷᠭᠡ᠄ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠢ ᠬᠠᠤᠯᠢ ᠶᠣᠰᠣᠭᠠᠷ ᠮᠠᠭᠠᠳᠯᠠᠨ ᠲᠣᠭᠲᠠᠭᠠᠵᠤ᠂ ᠳᠡᠩᠰᠡᠯᠡᠨ ᠲᠡᠮᠳᠡᠭᠯᠡᠬᠦ ᠶᠢᠨ ᠬᠠᠮᠲᠤ ᠨᠡᠶᠢᠲᠡᠯᠡᠵᠦ᠂ ᠪᠥᠬᠦ ᠬᠤᠰᠢᠭᠤᠨ ᠤ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠶ ᠭᠠᠷᠴᠠᠭ ᠢ ᠪᠠᠶᠢᠭᠤᠯᠵᠤ᠂ ᠰᠢᠯᠭᠠᠨ ᠠᠪᠬᠤ ᠠᠵᠢᠯ ᠢ ᠪᠡᠶᠡᠯᠡᠭᠦᠯᠬᠦ ᠶᠢᠨ ᠬᠠᠮᠲᠤ ᠨᠡᠶᠢᠭᠡᠮ ᠳᠤ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠶᠢᠳᠡᠯᠡᠨ᠎ᠡ᠃ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠰᠢᠯᠵᠢᠭᠦᠯᠵᠦ ᠪᠣᠯᠤᠰᠢ ᠦᠭᠡᠶ ᠴᠢᠬᠤᠯᠠ  ᠲᠡᠦᠬᠡ ᠶᠢᠨ ᠳᠤᠷᠠᠰᠬᠠᠯᠲᠤ ᠵᠦᠢᠯᠡᠰ ᠢ ᠴᠠᠭ  ᠲᠤᠬᠠᠢ ᠳᠤᠨᠢ  ᠵᠤᠬᠢᠴᠠᠬᠤ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠳᠤ ᠮᠡᠳᠡᠭᠳᠡᠵᠥ ᠨᠡᠶᠢᠲᠡᠯᠡᠬᠦ ᠬᠡᠷᠡᠭᠲᠡᠶ᠃        ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ ᠤᠨ ᠲᠡᠤᠬᠡ ᠰᠣᠶᠣᠯ ᠤᠨ ᠥᠪ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠤᠯᠤᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠴᠢᠬᠤᠯᠠ ᠰᠠᠭᠤᠷᠢ ᠠᠵᠢᠯ ᠮᠥᠨ᠂ ᠶᠡᠷᠦᠩᠬᠡᠶ ᠱᠦᠵᠢ ᠰᠢ ᠶᠢᠨ ᠫᠢᠩ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠣᠶᠣᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠰᠤᠮᠤ ᠪᠠᠯᠭᠠᠰᠤ ︵ᠲᠠᠯᠠᠪᠠᠢ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠶ ᠪᠠᠶᠢᠷᠢᠯᠠᠭᠤᠯᠤᠨ᠂ ᠤᠬᠠᠭᠤᠯᠬᠤ ᠠᠵᠢᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    ︵ᠬᠤᠶᠠᠷ᠂ ᠵᠣᠬᠢᠶᠠᠨ ᠪᠠᠢᠭᠤᠯᠤᠯᠲᠠ ᠶᠢᠨ ᠪᠠᠢᠭᠤᠯᠤᠮᠵᠢ ᠪᠠᠢᠭᠤᠯᠤᠨ᠎ᠠ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ ᠵᠦᠢᠯᠡᠰ ᠢ ᠬᠢᠨᠠᠨ ᠲᠣᠭᠲᠠᠭᠠᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠤᠯᠭᠠᠬᠤ ᠦᠭᠡᠢ᠂ ᠡᠭᠦᠷᠭᠡ ᠶᠢ ᠪᠡᠶᠡᠯᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠦᠭᠡᠢ ᠪᠣᠯᠤᠨ᠎ᠠ᠃ ᠡᠯ᠎ᠡ    ᠰᠤᠮᠤ ᠪᠠᠯᠭᠠᠰᠤ ︵ᠲᠠᠯᠠᠪᠠᠢ︶ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠵᠢᠯᠴᠠᠨ᠂ ᠲᠤᠰ ᠭᠠᠵᠠᠷ ᠣᠷᠣᠨ ᠤ ᠪᠠᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃    ︵ᠭᠤᠷᠪᠠ︶ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠲᠣᠭᠲᠠᠪᠤᠷᠢᠵᠢᠭᠤᠯᠤᠨ᠎ᠠ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠡᠯ᠎ᠡ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠤᠷᠢᠵᠤ ᠬᠡᠷᠡᠭᠯᠡᠬᠦ ᠪᠤᠶᠤ ᠬᠤᠯᠪᠣᠭᠳᠠᠯ ᠪᠦᠬᠦᠢ ᠨᠢᠭᠡᠴᠡ ᠠᠴᠠ ᠨᠥᠬᠦᠴᠡᠯ ᠳᠤ ᠨᠡᠶᠢᠴᠡᠬᠦ ᠬᠥᠮᠦᠰ ᠢ ᠵᠥᠪᠳᠡᠯᠴᠡᠵᠦ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠡᠩᠨᠡᠭᠡ ᠳᠤ ᠣᠷᠣᠭᠤᠯᠵᠤ ᠪᠣᠯᠤᠨ᠎ᠠ᠂ ᠤᠷᠢᠵᠤ ᠬᠡᠷᠡᠭᠯᠡᠭᠰᠡᠨ ᠠᠵᠢᠯᠲᠠᠨ ᠤ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠢ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠳᠣᠲᠣᠷ᠎ᠠ ᠠᠴᠠ ᠭᠠᠷᠭᠠᠵᠤ᠂ ᠤᠷᠢᠵᠤ ᠬᠡᠷᠡᠭᠯᠡᠭᠰᠡᠨ ᠨᠢᠭᠡᠴᠡ ᠠᠴᠠ ᠭᠠᠷᠭᠠᠨ᠎ᠠ᠂ ᠤᠷᠢᠵᠤ ᠰᠢᠯᠵᠢᠭᠦᠯᠦᠭᠰᠡᠨ ᠠᠵᠢᠯᠲᠠᠨ ᠨᠢ ᠤᠤᠯ ᠤᠨ ᠨᠢᠭᠡᠴᠡ ᠶᠢᠨ ᠢᠶᠠᠨ ᠠᠵᠢᠯ ᠤᠨ ᠪᠠᠶᠢᠷᠢ ᠶᠢ ᠦᠯᠡᠳᠡᠭᠡᠵᠦ᠂ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠪᠠᠭᠤᠷᠠᠭᠤᠯᠬᠤ ᠦᠭᠡᠶ᠃ ᠣᠷᠣᠨ ᠨᠤᠲᠤᠭ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠰᠤᠷᠤᠭᠴᠢ ᠶᠢ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ ᠣᠷᠣᠯᠴᠠᠭᠤᠯᠬᠤ ᠶᠢᠨ ᠬᠠᠮᠲᠤ ᠵᠢᠭᠠᠨ ᠰᠤᠷᠭᠠᠬᠤ ᠳᠠᠳᠤᠯᠭ᠎ᠠ ᠬᠢᠬᠦ ᠬᠢᠴᠢᠶᠡᠯ ᠪᠣᠯᠭᠠᠵᠤ ᠪᠣᠯᠤᠨ᠎ᠠ᠃    ︵ᠲᠦᠷᠪᠡ︶  ᠨᠡᠶᠢᠳᠡᠮ    ᠪᠠᠶᠢᠴᠠᠭᠠᠯᠲᠠ   ᠶᠢᠨ    ᠵᠠᠷᠤᠳᠠᠯ     ᠢ ᠨᠠᠶᠢᠳᠠᠪᠤᠷᠢᠵᠢᠭᠤᠯᠬᠤ ᠬᠡᠷᠡᠭᠲᠡᠶ᠃ ︽ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶ᠎ᠡ ᠴᠠᠷᠠᠭ᠎ᠠ᠂ ᠰᠤᠷᠭᠠᠨ ᠬᠥᠮᠦᠵᠢᠯ ᠤᠨ ᠬᠦᠷᠢᠶ᠎ᠡ ᠴᠠᠷᠠᠭ᠎ᠠ᠂ ᠣᠯᠠᠨ ᠨᠡᠶᠢᠲᠡ ᠶᠢᠨ ᠰᠣᠶᠣᠯ ᠤᠨ ᠬᠦᠷᠢᠶ᠎ᠡ ᠴᠠᠷᠠᠭ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠶᠢᠨ ᠬᠤᠲᠠ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾    ᠶᠣᠰᠣᠭᠠᠷ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠭᠤᠤᠯᠳᠠᠭᠤ ᠲᠣᠰ ᠭᠠᠵᠠᠷ ᠤᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠠᠵᠢᠯ ᠤᠨ ᠵᠠᠷᠤᠳᠠᠯ᠂ ᠣᠷᠣᠨ ᠲᠤᠭ᠎ᠠ ᠶᠢᠨ ᠳᠣᠲᠣᠷᠠᠬᠢ ᠠᠵᠢᠯ ᠳᠤ ᠪᠠᠶᠢᠭ᠎ᠠ ᠠᠵᠢᠯᠲᠠᠨ ᠤ ᠵᠠᠷᠤᠯᠭ᠎ᠠ᠂ ᠲᠦᠷ ᠴᠠᠭ ᠤᠷᠢᠵᠤ ᠬᠡᠷᠡᠭᠯᠡᠭᠰᠡᠨ ᠬᠥᠮᠦᠰ ᠤᠨ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠵᠢᠴᠢ ᠬᠠᠮᠢᠶ᠎ᠠ ᠪᠥᠬᠦᠶ ᠠᠵᠢᠯ ᠤᠨ ᠵᠠᠷᠤᠯᠭ᠎ᠠ ᠵᠡᠷᠭᠡ ᠶᠢ ᠡᠭᠦᠷᠭᠡᠯᠡᠨ᠎ᠡ᠃ ᠡᠭᠦᠨ ᠤ ᠬᠠᠮᠲᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ ᠬᠡᠷᠡᠭᠴᠡᠬᠦ ᠵᠠᠷᠤᠳᠠᠯ ᠢ ᠵᠦᠢ ᠵᠣᠬᠢᠰᠲᠠᠶ ᠲᠥᠰᠦᠭᠡᠯᠡᠨ ᠪᠣᠳᠣᠵᠤ᠂ ᠣᠨ ᠢᠶᠠᠷ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠂ ᠴᠠᠭ ᠲᠤᠨᠢ ᠰᠠᠯᠭᠠᠨ ᠥᠭᠴᠦ᠂ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠥᠷᠨᠢᠬᠦ ᠶᠢ ᠪᠠᠲᠤᠯᠠᠬᠤ ᠬᠡᠷᠡᠭᠲᠡᠶ᠃   ︵ᠲᠠᠪᠤ ︶᠂ ᠨᠡᠶᠢᠳᠡᠮ   ᠪᠠᠶᠢᠴᠠᠭᠠᠯᠲᠠ    ᠶᠢᠨ     ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃ ᠲᠡᠦᠬᠡ ᠶᠢᠨ ᠳᠤᠷᠠᠰᠬᠠᠯᠲᠤ ᠵᠦᠢᠯᠡᠰ ᠢ ᠨᠡᠶᠢᠳᠡᠮ ᠪᠠᠶᠢᠴᠠᠭᠠᠬᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠰᠤᠮᠤ ᠪᠠᠯᠭᠠᠰᠤ ︵ᠲᠠᠯᠠᠪᠠᠢ ᠨᠢᠭᠡᠴᠡ︶︶ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠰᠢᠭᠤᠳ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠥᠷᠳᠡᠬᠦ ᠲᠣᠭᠲᠠᠴᠠ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠢ ᠡᠵᠡᠮᠳᠡᠬᠦ ᠶᠢ ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢᠨ ᠲᠥᠰᠦᠯ ᠢ ᠴᠢᠩᠭ᠎ᠠ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠬᠡᠷᠡᠭ ᠤᠨ ᠡᠮᠦᠨ᠎ᠡ ᠪᠠ ᠬᠡᠷᠡᠭ ᠤᠨ ᠳᠠᠷᠠᠭᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠶ ᠪᠠᠶᠢᠬᠤ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠡᠯ᠎ᠡ ᠵᠦᠢᠯ ᠤᠨ ᠵᠣᠷᠢᠭᠤᠳᠠ ᠭᠠᠷ ᠲᠦᠷᠦᠭᠦ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃    ︵ᠵᠢᠷᠭᠤᠭ᠎ᠠ︶ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠨᠢᠭᠡᠴᠡ ᠵᠢᠴᠢ ᠬᠤᠪᠢ ᠬᠥᠮᠦᠨ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠶ᠂ ᠬᠤᠳᠠᠯ ᠢᠶᠠᠷ ᠮᠡᠳᠡᠭᠦᠯᠵᠦ᠂ ᠳᠠᠷᠤᠭᠠᠳ ᠮᠡᠳᠡᠭᠦᠯᠬᠦ ᠦᠭᠡᠢ᠂ ᠮᠡᠳᠡᠭᠦᠯᠬᠦ ᠶᠢ ᠲᠡᠪᠴᠢᠵᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠪᠠ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠵᠤ᠂ ᠥᠭᠡᠷᠡᠲᠦᠭᠦᠯᠵᠦ ᠪᠣᠯᠬᠤ ᠦᠭᠡᠢ᠂ ᠬᠡᠷᠪᠡ ᠳᠡᠭᠡᠷ᠎ᠡ ᠳᠤᠷᠠᠳᠤᠭᠰᠠᠨ ᠪᠠᠶᠢᠳᠠᠯ ᠭᠠᠷᠪᠠᠯ᠂ ᠬᠠᠤᠯᠢ    ᠰᠠᠬᠢᠯᠭ᠎ᠠ     ᠶᠣᠰᠣᠭᠠᠷ    ᠰᠢᠢᠳᠪᠦᠷᠢᠯᠡᠬᠦ ᠬᠡᠷᠡᠭᠲᠡᠶ᠃ ᠡᠯ᠎ᠡ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠣᠯᠤᠨ ᠮᠠᠲ᠋ᠧᠷᠢᠶᠠᠯ ᠢ ᠲᠣᠬᠢᠲᠠᠶ ᠬᠠᠳᠠᠭᠠᠯᠠᠵᠤ᠂ ᠨᠡᠶᠢᠳᠡᠮ ᠪᠠᠶᠢᠴᠠᠭᠠᠯᠲᠠ ᠶᠢᠨ ᠳᠤᠮᠳᠠ ᠬᠤᠯᠪᠣᠭᠳᠠᠭᠰᠠᠨ ᠤᠯᠤᠰ ᠤᠨ  ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠬᠦ ᠬᠡᠷᠡᠭᠲᠡᠶ᠂ ᠬᠡᠷᠪᠡ ᠨᠢᠭᠤᠴᠠ ᠶᠢ ᠵᠠᠳᠠᠷᠠᠭᠤᠯᠤᠭᠰᠠᠨ ᠬᠡᠷᠡᠭ ᠭᠠᠷᠪᠠᠯ ︽  ᠪᠦᠬᠦᠳᠡ    ᠨᠠᠶᠢᠷᠠᠮᠳᠠᠬᠤ    ᠳᠤᠮᠳᠠᠳᠤ     ᠠᠷᠠᠳ    ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢᠨ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ᠃ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤᠮᠳᠠ᠂ ᠬᠡᠷᠪᠡ ᠵᠣᠷᠢᠭᠤᠳᠠ ᠡᠪᠳᠡᠬᠦ᠂ ᠬᠢᠨᠠᠯᠲᠠ ᠬᠠᠮᠢᠶᠠᠷᠤᠯᠲᠠ ᠨᠢ ᠰᠤᠯᠠ ᠵᠡᠷᠭᠡ ᠬᠦᠴᠦᠨ ᠵᠦᠢᠯ ᠠᠴᠠ ᠪᠣᠯᠵᠣ ᠨᠢᠭᠡᠨᠲᠡ ᠳᠠᠩᠰᠠᠯᠠᠭᠤᠯᠤᠭᠰᠠᠨ ᠲᠡᠤᠬᠡ ᠶᠢᠨ ᠳᠤᠷᠠᠰᠬᠠᠯᠲᠤ ᠵᠦᠢᠯᠡᠰ ᠢ ᠡᠪᠳᠡᠬᠦ᠂ ᠬᠦᠴᠦᠨ ᠥᠬᠡᠶ ᠪᠣᠯᠭᠠᠬᠤ᠂ ᠤᠰᠠᠳᠬᠠᠵᠤ ᠭᠡᠭᠡᠭᠰᠡᠨ ᠪᠠᠶᠢᠳᠠᠯ ᠢ ᠣᠯᠵᠤ ᠮᠡᠳᠡᠪᠡᠯ᠂ ᠬᠠᠤᠯᠢ ᠶᠣᠰᠣᠭᠠᠷ ᠪᠠᠶᠢᠴᠠᠭᠠᠨ   ᠰᠢᠢᠳᠪᠦᠷᠢᠯᠡᠬᠦ   ᠶᠢᠨ    ᠬᠠᠮᠲᠤ     ᠬᠠᠤᠯᠢ    ᠰᠠᠬᠢᠯᠭ᠎ᠠ ᠠᠴᠠ ᠵᠥᠷᠢᠴᠡᠭᠰᠡᠨ ᠰᠦᠪᠡᠭᠴᠢ ᠶᠢ ᠴᠠᠭ ᠲᠤᠬᠠᠶ ᠳᠤᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠬᠦ ᠭᠡᠷᠡᠭᠳᠡᠢ ᠃    ᠳᠠᠭᠠᠯᠳᠤᠭᠤᠯᠤᠯ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠨᠡᠷᠡᠰ    ︵ᠲᠤᠰ ᠵᠦᠢᠯ ᠤᠨ ᠭᠤᠣᠯ ᠵᠣᠬᠢᠶᠠᠯ ᠢ ᠢᠯᠡ ᠪᠣᠯᠭᠠᠵᠤ᠂ ᠳᠠᠭᠠᠯᠳᠤᠭᠤᠯᠤᠯ ᠮᠠᠲ᠋ᠧᠷᠢᠶᠠᠯ ᠢ ᠢᠯᠡ ᠪᠣᠯᠭᠠᠬᠤ ᠦᠭᠡᠢ︶
 
ᠢᠷᠡᠯᠲᠡ᠄ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号