5 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ | ᠭᠦᠸᠧ ᠲᠢᠶᠠᠨ ᠪᠦᠦ ᠪᠦᠯᠬᠦᠮ ᠳᠠᠭᠠᠭᠤᠯᠤᠨ ᠭᠢᠷᠢᠨ ᠮᠤᠵᠢ ᠶᠢᠨ ᠹᠧᠢ ᠲᠧ ᠺᠣᠮᠫᠠᠨᠢ ᠳᠤ ᠬᠦᠷᠴᠦ᠂ ᠠᠮᠢᠳᠤᠷᠠᠯ ᠤᠨ | ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | | ᠡᠨᠡ ᠬᠤᠭᠤᠴᠠᠭᠠᠨ ᠳᠤ ᠭᠦᠸᠧ ᠲᠢᠶᠠᠨ ᠪᠦᠦ ᠨᠠᠷ ᠠᠵᠤ ᠠᠬᠤᠶᠢᠯᠠᠯ ᠤᠨ ᠬᠤᠭ ᠨᠣᠪᠰᠢ ᠶᠢ ᠰᠢᠢᠳᠪᠦᠷᠢᠯᠡᠬᠦ | ᠳᠦᠷᠦᠯ ᠵᠦᠢᠯ ᠤᠨ ᠡᠷᠬᠢᠯᠳᠡ ᠶᠢᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠳᠦᠷᠦᠯ ᠵᠦᠢᠯ ᠤᠨ ᠲᠣᠭᠤᠷᠢᠨ ᠳᠤ | ᠰᠠᠨᠠᠯ ᠢᠶᠠᠨ ᠭᠦᠨᠵᠡᠭᠡᠢ ᠰᠣᠯᠢᠯᠴᠠᠵᠠᠢ᠃ ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠯᠢ | ᠸᠧᠢ ᠮᠢᠩ ᠵᠢᠴᠢ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ | ᠲᠥᠪ᠂ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠶᠢᠨ | ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠵᠠᠢ᠃ | | |