ᠠᠳᠤᠭᠤᠴᠢᠨ ᠰᠤᠮᠤ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ ᠢ ᠰᠡᠶᠢᠳᠦᠷ ᠬᠢᠵᠥ ᠪᠠᠶᠢᠨ᠎ᠠ
ᠨᠡᠶᠢᠲᠡᠯᠡᠭᠰᠡᠨ ᠴᠠᠭ᠄
2024/5/20
   ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠪᠥᠬᠦ ᠰᠤᠮᠤᠨ ᠤ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠠᠳᠤᠭᠤᠴᠢᠨ ᠰᠤᠮᠤ ᠬᠠᠷᠢᠶ᠎ᠠ ᠣᠷᠣᠨ ᠤ ᠪᠠᠨ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠶ ᠰᠢᠭᠤᠶ ᠡᠪᠡᠰᠦ ᠪᠡᠯᠴᠢᠭᠡᠷ ᠤᠨ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠠᠵᠢᠯ ᠢ ᠥᠷᠨᠢᠭᠦᠯᠪᠡ᠃    ᠨᠢᠭᠡ᠂ ᠦᠳᠲᠡᠷ     ᠲᠦᠷᠭᠡᠨ   ᠳᠠᠶᠢᠴᠢᠯᠠᠵᠤ᠂ ᠲᠤᠰᠬᠠᠶ    ᠰᠡᠳᠦᠪ ᠢᠶᠠᠷ  ᠪᠠᠶᠢᠷᠢᠯᠠᠭᠤᠯᠪᠠ᠃ ᠠᠳᠤᠭᠤᠴᠢᠨ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤᠢ ᠰᠢᠭᠤᠢ ᠡᠪᠡᠰᠦ ᠪᠡᠯᠴᠢᠭᠡᠷ  ᠨᠤᠭᠤ ᠭᠠᠵᠠᠷ  ᠤᠨ ᠡᠬᠢ ᠪᠠᠶᠠᠯᠢᠭ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠲᠤᠰᠬᠠᠢ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠵᠤ᠂ ᠲᠤᠰᠬᠠᠢ ᠲᠥᠰᠦᠯ ᠲᠤᠬᠳᠠᠭᠠᠨ᠂  ᠬᠠᠷᠢᠭᠤᠴᠠᠯᠭ᠎ᠠ ᠶᠢ ᠳᠠᠭᠠᠭᠠᠴᠢᠯᠠᠬᠤ᠂ ᠠᠵᠢᠯ ᠤᠨ ᠡᠭᠦᠷᠭᠡ᠂ ᠬᠠᠷᠢᠭᠤᠴᠠᠯᠭ᠎ᠠ ᠶᠢ ᠬᠠᠮᠤᠭ ᠤᠨ ᠪᠠᠭ᠎ᠠ ᠨᠢᠭᠡᠴᠢ ᠬᠦᠷᠲᠡᠯ᠎ᠡ ᠴᠢᠩᠭ᠎ᠠ ᠨᠠᠶᠢᠳᠠᠪᠤᠷᠢᠵᠢᠭᠤᠯᠵᠤ᠂ ᠲᠣᠣᠷᠵᠢᠭᠤᠯᠤᠭᠰᠠᠨ᠂ ᠨᠠᠷᠢᠯᠢᠬᠵᠢᠭᠤᠯᠤᠭᠰᠠᠨ᠂ ᠵᠢᠷᠤᠮᠵᠢᠭᠤᠯᠤᠭᠰᠠᠨ ︽ᠬᠠᠮᠢᠶᠠᠷᠴᠤ ᠬᠠᠮᠠᠭᠠᠯᠠᠬᠤ ᠵᠠᠭᠪᠤᠷ︾ ᠢ ᠪᠦᠬᠦ ᠲᠠᠯ᠎ᠠ ᠪᠠᠷ ᠪᠡᠶᠡᠯᠡᠭᠦᠯᠪᠡ᠃    ᠬᠤᠶᠠᠷ᠂ ᠤᠬᠠᠭᠤᠯᠤᠨ    ᠬᠥᠲᠥᠯᠥᠨ     ᠵᠢᠯᠣᠭᠤᠳᠴᠤ᠂ ᠪᠦᠬᠦ    ᠣᠷᠣᠨ ᠪᠦᠰᠡ ᠳᠤ ᠪᠦᠷᠬᠦᠬᠦᠯᠪᠡ ᠃ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠠᠷᠭ᠎ᠠ ᠬᠡᠮᠵᠢᠶ᠎ᠡ ᠪᠠᠷ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠣᠳᠣᠬᠢᠴᠢᠯᠠᠭᠰᠠᠨ ᠠᠷᠭ᠎ᠠ ᠪᠠᠷᠢᠯ ᠢ ᠰᠠᠶᠢᠲᠤᠷ  ᠠᠮᠢᠳᠤᠯᠢᠭ ᠬᠡᠷᠡᠭᠯᠡᠵᠦ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠰᠤᠮᠤ᠂ ᠭᠠᠴᠠᠭ᠎ᠠ ᠲᠣᠰᠬᠤᠨ ᠤ ᠸᠢᠴᠠᠲ ᠤᠨ ᠬᠤᠯᠪᠣᠭ᠎ᠠ ᠵᠡᠷᠭᠡ ᠰᠦᠯᠵᠢᠶᠡᠨ ᠳᠡᠭᠡᠷᠡᠬᠢ ᠠᠷᠭ᠎ᠠ ᠵᠠᠮ ᠳᠤ ᠲᠦᠰᠢᠭᠯᠡᠨ᠂ ᠣᠶᠢᠲᠤ ᠭᠠᠵᠠᠷ᠂ ᠡᠪᠡᠰᠦᠲᠦ ᠭᠠᠵᠠᠷ᠂ ᠨᠤᠭᠤ ᠭᠠᠵᠠᠷ ᠢ ᠬᠠᠮᠠᠭᠠᠯᠠᠬᠤ ᠲᠤᠬᠠᠶ ᠵᠢᠷᠤᠭ ᠪᠢᠴᠢᠭ ᠢ ᠢᠳᠡᠪᠬᠢᠲᠡᠶ ᠪᠠᠷ ᠳᠠᠮᠵᠢᠭᠤᠯᠤᠨ ᠲᠠᠷᠬᠠᠭᠠᠪᠠ᠃ ᠬᠥᠨᠳᠡᠯᠡᠨ ᠪᠢᠴᠢᠭᠡᠰᠦ ᠡᠯᠭᠦᠬᠦ᠂ ᠡᠷᠦᠬᠡ ᠳᠤ ᠬᠦᠷᠴᠦ ᠮᠡᠳᠡᠭᠳᠡᠬᠦ ᠪᠢᠴᠢᠭ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠣᠶ ᠰᠢᠭᠤᠶ ᠡᠪᠡᠰᠦ ᠪᠡᠯᠴᠢᠭᠡᠷ  ᠨᠤᠭᠤ ᠭᠠᠵᠠᠷ     ᠤᠨ ᠡᠬᠢ      ᠪᠠᠶᠠᠯᠢᠭ ᠤᠨ ᠬᠠᠮᠠᠭᠠᠯᠠᠯᠲᠠ ᠶᠢᠨ ᠴᠢᠬᠤᠯᠠ ᠴᠢᠨᠠᠷ ᠢ ᠲᠠᠶᠢᠯᠪᠤᠷᠢᠯᠠᠪᠠ᠃ ᠣᠲᠣ ᠪᠣᠯᠲᠠᠯ᠎ᠠ᠂ ᠨᠡᠶᠢᠲᠡ 40 ᠭᠠᠷᠤᠶ ᠡᠯᠭᠦᠭᠡ ᠪᠢᠴᠢᠭᠡᠰᠦ ᠡᠯᠭᠦᠵᠦ᠂ 3000 ᠭᠠᠷᠤᠶ ᠬᠤᠪᠢ ᠮᠡᠳᠡᠭᠳᠡᠯ ᠤᠨ ᠪᠢᠴᠢᠭ ᠲᠠᠷᠬᠠᠭᠠᠵᠤ᠂ ᠮᠠᠯᠴᠢᠨ ᠲᠠᠷᠢᠶᠠᠴᠢᠨ ᠲᠦᠮᠡᠨ ᠤ ᠣᠶ ᠰᠢᠭᠤᠶ ᠡᠪᠡᠰᠦ ᠪᠡᠯᠴᠢᠭᠡᠷ ᠨᠤᠭᠤ  ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ    ᠴᠢᠬᠤᠯᠠ     ᠴᠢᠨᠠᠷ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠶᠢᠨ     ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃    ᠭᠤᠷᠪᠠ᠂ ᠲᠣᠭᠤᠷᠢᠨ ᠪᠠᠶᠢᠴᠠᠭᠠᠵᠤ ᠴᠠᠭᠳᠠᠨ ᠬᠠᠮᠠᠭᠠᠯᠠᠵᠤ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ  ᠶᠢ ᠪᠠᠳᠤᠯᠠᠪᠠ ᠃ ᠡᠯ᠎ᠡ ᠭᠠᠴᠠᠭ᠎ᠠ ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠭᠠᠭᠠᠴᠢᠯᠠᠨ ᠬᠤᠯᠪᠣᠭᠠᠯᠠᠭᠰᠠᠨ ᠣᠷᠣᠨ ᠪᠦᠰᠡ ᠶᠢᠨ ᠬᠤᠪᠢᠶᠠᠷᠢ ᠬᠦᠰᠦᠨᠦᠭᠲᠦ ᠶᠢ ᠬᠤᠪᠢᠶᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ  ᠬᠦᠢᠴᠡᠳᠭᠡᠨ᠂ ᠲᠣᠭᠤᠷᠢᠨ ᠬᠠᠮᠠᠭᠠᠯᠠᠬᠤ ᠠᠵᠢᠯᠲᠠᠨ ᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ  ᠬᠦᠢᠴᠡᠳᠭᠡᠵᠥ᠂ ᠬᠠᠷᠢᠶ᠎ᠠ ᠣᠷᠣᠨ ᠤ ᠳᠣᠲᠣᠷᠠᠬᠢ ᠣᠶᠢᠲᠤ ᠭᠠᠵᠠᠷ᠂ ᠨᠤᠲᠤᠭ ᠪᠡᠯᠴᠢᠭᠡᠷ ᠢ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠶᠢ ᠲᠠᠰᠤᠷᠠᠯᠲᠠ ᠥᠬᠡᠶ ᠴᠢᠩᠭᠠᠳᠬᠠᠵᠤ᠂ ᠲᠣᠭᠤᠷᠢᠨ ᠪᠠᠶᠢᠴᠠᠭᠠᠬᠤ ᠤᠳᠠᠭ᠎ᠠ ᠪᠠᠨ ᠳᠡᠭᠡᠭᠰᠢᠯᠡᠭᠦᠯᠦᠨ᠂ ᠬᠠᠷᠢᠶ᠎ᠠ ᠣᠷᠣᠨ ᠤ ᠣᠶ ᠰᠢᠭᠤᠶ ᠠᠮᠤ ᠪᠤᠳᠠᠭ᠎ᠠ ᠶᠢ ᠠᠯᠠᠭᠯᠠᠨ ᠳᠠᠷᠢᠬᠤ᠂ ᠬᠠᠤᠯᠢ ᠠᠴᠠ ᠵᠥᠷᠢᠴᠡᠨ ᠳᠠᠷᠢᠬᠤ᠂ ᠬᠠᠤᠯᠢ ᠠᠴᠠ ᠵᠥᠷᠢᠴᠡᠨ ᠭᠠᠵᠠᠷ ᠰᠢᠷᠣᠶ ᠶᠢ ᠬᠠᠭᠠᠯᠪᠤᠷᠢᠯᠠᠬᠤ ᠠᠵᠢᠯᠯᠠᠭ᠎ᠠ ᠶᠢ ᠴᠢᠩᠭ᠎ᠠ ᠴᠠᠭᠠᠵᠠᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号