5 ᠰᠠᠷ᠎ᠠ ᠶᠢᠨ 18 ᠤ ᠡᠳᠦᠷ᠂ ᠮᠤᠳᠤᠲᠤ ᠰᠤᠮᠤ ᠶᠢᠨ ᠭᠦᠩ ᠤᠨ ᠬᠤᠭᠤᠯᠠᠢ ᠭᠠᠴᠠᠭᠠᠨ ᠤ ᠡᠯᠡᠰᠦᠷᠭᠡᠭᠵᠢᠯ ᠢ | ᠵᠠᠰᠠᠬᠤ ᠡᠮᠡᠭᠳᠡᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠰᠠᠯᠪᠤᠷᠢ ᠪᠠᠭ᠎ᠠ ᠠᠩᠬᠢ ︽ᠡᠯᠡᠰᠦᠷᠬᠡᠭ | ᠭᠠᠵᠠᠷ ᠤᠨ ᠵᠤᠯᠵᠠᠭ᠎ᠠ ᠮᠣᠳᠣ ᠶᠢ ᠤᠰᠤᠯᠠᠵᠤ᠂ ᠠᠮᠢ ᠠᠬᠤᠢ ᠶᠢᠨ ᠬᠠᠯᠬᠠᠪᠴᠢ ᠶᠢ ᠬᠠᠮᠠᠭᠠᠯᠠᠬᠤ︾ ᠰᠠᠶᠢᠨ | ᠳᠤᠷ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠠᠷᠠᠳ ᠤᠨ ᠲᠥᠯᠥᠭᠡᠯᠡᠭᠴᠢ ᠵᠢᠴᠢ ᠡᠮᠡᠭᠲᠡᠶᠢᠴᠦᠳ ᠤᠨ ᠰᠠᠶᠢᠨ ᠳᠤᠷ᠎ᠠ ᠶᠢᠨ | ᠦᠢᠯᠡᠴᠢᠯᠡᠭᠴᠢᠳ ᠲᠡᠮᠦᠷ ᠬᠦᠷᠵᠡ᠂ ᠤᠰᠤᠨ ᠬᠤᠭᠤᠯᠠᠢ᠂ ᠨᠦᠭᠡ ᠮᠠᠯᠲᠠᠵᠤ ᠵᠢᠮᠢᠰ ᠤᠨ ᠮᠣᠳᠣᠨ ᠤ ᠴᠢᠬᠢ | ᠪᠦᠬᠦᠨ ᠢ ᠠᠯᠳᠠᠯ ᠦᠬᠡᠢ ᠤᠰᠤᠯᠠᠪᠠ | ︽ᠡᠨᠡ ᠬᠦ ᠵᠢᠮᠢᠰ ᠤᠨ ᠮᠣᠳᠣ ᠪᠣᠯ ᠬᠠᠶᠢᠲᠠᠩ ᠵᠢᠮᠢᠰ ᠤᠨ ᠮᠣᠳᠣ ᠮᠥᠨ᠂ ᠶᠡᠷᠦ ᠳᠤ ᠪᠠᠨ ︽ᠲᠠᠬᠢᠶᠠᠨ ᠵᠢᠷᠦᠬᠡᠨ | ᠵᠢᠮᠢᠰ︾ ᠭᠡᠳᠡᠭ᠂ ᠡᠨᠡ ᠬᠦ ᠲᠦᠷᠦᠯ ᠤᠨ ᠵᠢᠮᠢᠰ ᠤᠨ ᠮᠤᠳᠤ ᠨᠢ ᠬᠦᠢᠳᠡᠨ᠂ ᠭᠠᠩ ᠬᠠᠭᠰᠠᠷᠠᠭᠠᠨ ᠳᠤ | ᠲᠡᠰᠪᠦᠷᠢᠳᠡᠢ ᠂ ᠰᠠᠯᠬᠢᠨ ᠢ ᠰᠡᠷᠭᠡᠶᠢᠯᠡᠨ ᠡᠯᠡᠰᠦ ᠶᠢ ᠲᠣᠭᠲᠠᠪᠤᠷᠢᠵᠢᠭᠤᠯᠵᠤ᠂ ᠠᠮᠢ ᠠᠬᠤᠶ ᠶᠢᠨ ᠦᠷ᠎ᠡ ᠠᠰᠢᠭ ᠢᠶᠠᠷ | ᠰᠠᠶᠢᠨ ᠪᠥᠭᠡᠳ ᠵᠢᠮᠢᠰ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠨᠢ ᠥᠨᠳᠥᠷ ᠪᠠᠶᠢᠳᠠᠭ᠃ ᠰᠠᠶᠢᠨ ᠲᠤᠷ᠎ᠠ ᠶᠢᠨ | ᠦᠢᠯᠡᠴᠢᠯᠡᠭᠴᠢ ᠨᠠᠷ ᠲᠤᠰ ᠭᠡᠰᠡᠭ ᠵᠢᠮᠢᠰ ᠤᠨ ᠮᠣᠳᠣᠨ ᠤ ᠤᠷᠭᠤᠯᠲᠠ ᠶᠢᠨ ᠪᠠᠶᠢᠳᠠᠯ ᠢ ᠦᠷᠭᠦᠯᠵᠢ ᠪᠠᠶᠢᠴᠠᠭᠠᠨ | ᠦᠵᠡᠵᠦ᠂ ᠴᠠᠭ ᠲᠤᠬᠠᠶ ᠳᠤᠨᠢ ᠤᠰᠤᠯᠠᠵᠤ ᠪᠠᠶᠢᠬᠤ ᠠᠴᠠ ᠮᠠᠰᠢ ᠰᠠᠶᠢᠨ ᠡᠳᠡᠭᠡᠷᠡᠯᠲᠡ ᠶᠢᠨ ᠨᠣᠷᠮ᠎ᠠ ᠶᠢ | ᠪᠠᠳᠤᠯᠠᠪᠠ ᠭᠡᠵᠥ ᠭᠦᠩ ᠤᠨ ᠬᠤᠷᠤᠭ᠎ᠠ ᠭᠠᠴᠠᠭ᠎ᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠦ᠋ ᠹᠧᠩ ᠶᠢᠩ ᠲᠠᠨᠢᠯᠴᠠᠭᠤᠯᠵᠠᠢ᠃ | ᠲᠤᠰ ᠵᠢᠮᠢᠰ ᠤᠨ ᠤᠢ ᠨᠢ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠮᠤᠳᠤᠳᠤ ᠰᠤᠮᠤᠨ ᠤ | ᠬᠦᠩ ᠤᠨ ᠬᠤᠷᠤᠭ᠎ᠠ ᠭᠠᠴᠠᠭ᠎ᠠ ᠶᠢᠨ ᠪᠤᠤ ᠭᠡᠷᠡᠯ ᠨᠦᠬᠦᠷ ᠤᠨ ᠤᠶᠢᠵᠢᠭᠤᠯᠤᠯᠳᠠ ᠶᠢᠨ ᠰᠠᠭᠤᠷᠢᠨ ᠭᠠᠵᠠᠷ ᠲᠤ | ᠪᠠᠶᠢᠵᠤ᠂ ᠬᠤᠷᠴᠢᠨ ᠤ ᠡᠯᠡᠰᠦᠷᠭᠡᠭ ᠭᠠᠵᠠᠷ ᠤᠨ ᠦᠷᠦᠴᠡ ᠭᠠᠵᠠᠷ ᠤᠨ ᠨᠢᠭᠡ ᠭᠡᠰᠡᠭ ᠪᠤᠯᠤᠨ᠎ᠠ᠃ 2023 | ᠣᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ | ᠮᠤᠳᠤᠳᠤ ᠰᠤᠮᠤ ᠳᠤ350 ᠰᠠᠭᠤᠷᠢ ᠬᠠᠶᠢᠲᠠᠩ ᠮᠤᠳᠤᠨ ᠴᠢᠬᠢ ᠦᠭᠴᠦ ᠂ 3.5 ᠮᠦ ᠭᠠᠵᠠᠷ ᠲᠤ | ᠰᠠᠭᠤᠯᠭᠠᠨ ᠂ ᠮᠤᠳᠤᠳᠤ ᠰᠤᠮᠤ ᠶᠢᠨ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ | ᠰᠠᠶᠢᠲᠤᠷ ᠬᠢᠬᠦ ᠳᠤ ᠬᠦᠴᠦᠨ ᠨᠡᠮᠡᠷᠢᠯᠡᠵᠦ᠂ ᠵᠢᠮᠢᠰ ᠤᠨ ᠮᠣᠳᠣᠨ ᠤ ᠠᠵᠤ ᠠᠬᠤᠢ ᠶᠢᠨ ᠤᠢ ᠶᠢᠨ ᠠᠵᠤ | ᠦᠢᠯᠡᠰ ᠤᠨ ᠴᠢᠨᠠᠭᠰᠢᠳᠠ ᠬᠥᠭᠵᠢᠬᠦ ᠶᠢ ᠠᠬᠢᠭᠤᠯᠪᠠ᠃ | ᠮᠤᠳᠤᠳᠤ ᠰᠤᠮᠤ ᠶᠢᠨ ᠡᠮᠡᠭᠳᠡᠶᠢᠴᠤᠳ ᠤᠨ ᠡᠯᠡᠰᠦᠷᠬᠡᠭ ᠭᠠᠵᠠᠷ ᠢ ᠵᠠᠰᠠᠬᠤ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠬᠢ ︽ᠨᠣᠭᠤᠭᠠᠨ ᠡᠯᠡᠰᠦ ᠶᠢ ᠬᠠᠮᠠᠭᠠᠯᠠᠬᠤ︾ ᠶᠢᠨ ᠲᠣᠭᠤᠷᠢᠨ ᠳᠤ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠥᠷᠭᠡᠨ ᠤᠯᠠᠨ ᠡᠮᠡᠭᠲᠡᠶᠢᠴᠦᠳ ᠢ ᠬᠦᠳᠦᠯᠦᠨ | ᠳᠠᠭᠠᠭᠤᠯᠵᠤ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ | ᠤᠢᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠡᠢ᠃ ᠳᠠᠷᠠᠭᠠᠴᠢ ᠶᠢᠨ ᠠᠯᠬᠤᠮ ᠳᠤ᠂ ᠮᠤᠳᠤᠳᠤ | ᠰᠤᠮᠤ ᠶᠢᠨ ᠡᠮᠡᠭᠲᠡᠶᠢᠴᠦᠳ ᠤᠨ ᠬᠤᠯᠪᠣᠭ᠎ᠠ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠴᠢᠨᠠᠷ | ᠰᠠᠶᠢᠲᠠᠢ ᠬᠦᠭᠵᠢᠬᠦᠯᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠪᠣᠬᠢᠷᠲᠤᠯ ᠦᠭᠡᠢ ᠶᠢ | ᠲᠡᠷᠢᠭᠦᠨ ᠳᠤ ᠲᠠᠯᠪᠢᠬᠤ᠂ ᠠᠮᠢ ᠠᠬᠤᠢ ᠶᠢᠨ ᠬᠥᠭᠵᠢᠯᠲᠡ︾ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠠᠵᠢᠯ ᠤᠨ ᠭᠠᠷᠳᠠᠬᠤ ᠴᠡᠭ ᠢ ᠣᠨᠣᠪᠴᠢᠲᠠᠢ ᠣᠯᠵᠤ᠂ ᠤᠯᠠᠨ ᠬᠡᠯᠪᠡᠷᠢ ᠶᠢᠨ ᠠᠮᠢ ᠠᠬᠤᠢ ᠶᠢᠨ ᠵᠠᠰᠠᠯᠲᠠ ᠶᠢᠨ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠥᠷᠭᠡᠨ ᠤᠯᠠᠨ ᠡᠮᠡᠭᠲᠡᠶᠢᠴᠦᠳ ᠢ ᠵᠣᠬᠢᠶᠠᠨ ᠪᠠᠶᠢᠭᠤᠯᠤᠨ | ᠳᠠᠭᠠᠭᠤᠯᠵᠤ ᠪᠠᠶᠢᠭᠠᠳ ︽ᠨᠣᠭᠤᠭᠠᠷᠠᠭᠤᠯᠤᠯᠲᠠ ᠶᠢ ᠬᠠᠮᠠᠭᠠᠯᠠᠵᠤ ᠡᠯᠡᠰᠦ ᠶᠢ ᠲᠣᠭᠲᠠᠪᠤᠷᠢᠵᠢᠭᠤᠯᠬᠤ︾ ᠶᠢ | ᠬᠠᠮᠲᠤᠪᠠᠷ ᠴᠣᠭᠴᠠᠯᠠᠵᠤ᠂ ᠦᠨᠡᠨ ᠪᠣᠳᠠᠲᠠᠢ ᠠᠵᠢᠯᠯᠠᠭ᠎ᠠ ᠪᠠ ᠦᠷ᠎ᠡ ᠪᠦᠲᠦᠮᠵᠢ ᠪᠠᠷ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ | ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠬᠦᠬᠦ ᠪᠤᠯᠤᠨ᠎ᠠ᠃ | |