ᠦ᠋ ᠰᠢᠶᠣᠣ ᠵᠢᠶᠧ ᠨᠠᠷ ᠮᠠᠨ ᠤ ᠬᠤᠰᠢᠭᠤᠨ ᠳᠤ ᠢᠷᠡᠵᠦ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠵᠣᠯᠭᠠᠭᠤᠯᠪᠠ
ᠨᠡᠶᠢᠲᠡᠯᠡᠭᠰᠡᠨ ᠴᠠᠭ᠄
2024/5/21
    5 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠴᠣᠣᠶᠠᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠦ᠋ ᠰᠢᠶᠣᠣ ᠵᠢᠶᠧ ᠲᠥᠯᠥᠭᠡᠯᠡᠭᠴᠢᠳ ᠤᠨ ᠪᠦᠯᠬᠦᠮ ᠢᠶᠠᠨ ᠳᠠᠭᠠᠭᠤᠯᠤᠨ ᠮᠠᠨ ᠤ ᠬᠤᠰᠢᠭᠤᠨ ᠳᠤ ᠢᠷᠡᠵᠦ᠂ ᠬᠤᠶᠠᠷ ᠭᠠᠵᠠᠷ ᠤᠨ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠵᠢᠯᠴᠠᠭ᠎ᠠ ᠶᠢ ᠠᠬᠢᠭᠤᠯᠬᠤ ᠲᠤᠬᠠᠢ ᠰᠢᠨᠵᠢᠯᠡᠨ ᠪᠠᠶᠢᠴᠠᠭᠠᠵᠤ ᠰᠣᠯᠢᠯᠴᠠᠪᠠ᠃ ᠬᠤᠰᠢᠭᠤᠨ ᠤ ᠤᠳᠤᠷᠢᠳᠤᠯᠭ᠎ᠠ ᠰᠢᠶᠧ ᠴᠦᠨ ᠾᠧ᠂ ᠭᠦᠸᠧ ᠲᠢᠶᠠᠨ ᠪᠦᠦ᠂ ᠶᠠᠩ ᠧᠨ ᠵᠧᠨ᠂ ᠸᠧᠨ ᠮᠢᠩ᠂ ᠵᠠᠩ ᠵᠢᠩ ᠪᠥᠸᠧ ᠨᠠᠷ ᠪᠠᠶᠢᠴᠠᠭᠠᠨ ᠰᠤᠳᠤᠯᠤᠯᠲᠠ ᠪᠠ ᠶᠠᠷᠢᠯᠴᠠᠬᠤ ᠬᠤᠷᠠᠯ ᠳᠤ ᠣᠷᠣᠯᠴᠠᠪᠠ᠃
  吴小杰一行到我旗对接东西部协作.jpg
       ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠦ᠋ ᠰᠢᠶᠣᠣ ᠵᠢᠶᠧ ᠨᠠᠷ ᠤᠷᠢᠳ ᠬᠤᠵᠢᠳ ᠬᠠᠯᠢᠭᠤᠳᠤ ᠪᠠᠯᠭᠠᠰᠤᠨ ᠤ ᠵᠦᠩ ᠺᠧ ᠬᠢᠶᠠᠭ ᠡᠪᠡᠰᠦᠨ ᠤ ᠡᠭᠦᠯᠳᠡᠷ ᠪᠣᠶᠢᠵᠢᠭᠤᠯᠬᠤ ᠰᠠᠭᠤᠷᠢᠨ᠂ ᠴᠣᠣᠶᠠᠩ ᠲᠣᠭᠤᠷᠢᠭ ︱ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠯᠠᠰᠢᠨ ᠦᠬᠡᠷ ᠤᠨ ᠠᠵᠤ ᠦᠢᠯᠡᠰ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠦᠷᠦᠯ ᠵᠦᠢᠯ ᠤᠨ ᠠᠬᠢᠴᠠ ᠪᠣᠯᠣᠨ ᠦᠷ᠎ᠡ ᠠᠰᠢᠭ ᠤᠨ ᠲᠤᠬᠠᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠥᠭᠡᠳ ᠬᠠᠯᠢᠭᠤᠳᠤ ᠪᠠᠯᠭᠠᠰᠤᠨ ᠤ ᠠᠯᠢᠰᠤᠡᠡᠦ᠋ᠨᠳᠦᠷ ᠭᠠᠴᠠᠭ᠎ᠠ ᠳᠤ ᠬᠦᠷᠴᠦ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠪᠣᠯᠭᠤᠭᠠᠨ ᠲᠣᠬᠤᠨᠢᠭᠤᠯᠵᠠᠢ᠃      ᠶᠠᠷᠢᠯᠴᠠᠬᠤ ᠬᠤᠷᠠᠯ ᠳᠡᠭᠡᠷ᠎ᠡ ᠰᠢᠶᠧ ᠴᠦᠨ ᠾᠧ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠠ ᠬᠤᠶᠠᠷ ᠭᠠᠵᠠᠷ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠤᠨ ᠪᠠᠶᠢᠳᠠᠯ ᠢ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠬᠤᠶᠠᠷ ᠭᠠᠵᠠᠷ ᠤᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠠᠢ᠃ ᠦ᠋ ᠰᠢᠶᠣᠣ ᠵᠢᠶᠧ᠂ ᠣᠶᠢᠷ᠎ᠠ ᠶᠢᠨ ᠵᠢᠯ ᠠᠴᠠ ᠨᠠᠰᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠵᠦ᠂ ᠲᠦᠷᠭᠡᠨ ᠬᠥᠭᠵᠢᠯᠲᠡ ᠶᠢᠨ ᠰᠠᠶᠢᠨ ᠰᠠᠶᠢᠬᠠᠨ ᠬᠠᠨᠳᠤᠰᠢ ᠶᠢ ᠦᠷᠭᠦᠯᠵᠢᠯᠡᠨ ᠪᠠᠲᠤᠯᠠᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠪᠠᠷ ᠮᠠᠰᠢ ᠰᠠᠶᠢᠨ ᠠᠮᠵᠢᠯᠲᠠ ᠣᠯᠵᠠᠢ᠃ ᠴᠣᠣᠶᠠᠩ ᠲᠣᠭᠤᠷᠢᠭ ᠤᠨ ᠬᠢᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢ ᠦᠷᠭᠦᠯᠵᠢᠯᠡᠨ ᠠᠬᠢᠭᠤᠯᠵᠤ᠂ ᠬᠤᠶᠠᠷ ᠭᠠᠵᠠᠷ ᠤᠨ ᠬᠠᠮᠵᠢᠯᠴᠠᠭᠠᠨ ᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠡᠭᠦᠨ ᠤ ᠬᠠᠮᠲᠤ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠣᠨᠴᠠᠯᠢᠭᠲᠤ ᠵᠠᠮ ᠱᠤᠭᠤᠮ ᠢ ᠠᠭᠤᠳᠠᠯᠤᠨ ᠪᠣᠶᠢᠵᠢᠭᠤᠯᠬᠤ ᠳᠤ ᠬᠦᠴᠦᠨ ᠨᠡᠮᠡᠷᠢᠯᠡᠵᠦ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠣᠶᠣᠯ ᠤᠨ ᠵᠢᠭᠤᠯᠴᠢᠯᠠᠯ ᠤᠨ ᠬᠡᠷᠡᠭᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠨ᠎ᠠ︔ ᠬᠡᠷᠡᠭᠯᠡᠭᠡᠨ ᠤ ᠬᠠᠮᠵᠢᠯᠴᠠᠭ᠎ᠠ ᠶᠢ ᠠᠬᠢᠭᠤᠯᠵᠤ᠂ ᠬᠡᠷᠡᠭᠯᠡᠭᠡᠨ ᠤ ᠤᠯᠠᠷᠢᠯ ᠤᠨ ᠠᠵᠢᠯᠯᠠᠭ᠎ᠠ᠂ ᠠᠮᠠᠷᠠᠯᠲᠠ ᠶᠢᠨ ᠡᠳᠦᠷ ᠤᠨ ᠬᠡᠷᠡᠭᠯᠡᠭᠡᠨ ᠤ ᠵᠠᠩᠭᠢᠯᠠᠭ᠎ᠠ ᠶᠢᠨ ᠴᠡᠭ ᠵᠡᠷᠭᠡ ᠶᠢ ᠠᠰᠢᠭᠯᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠡᠷᠡᠭᠯᠡᠭᠡᠨ ᠤ ᠠᠷᠭ᠎ᠠ ᠵᠠᠮ ᠢ ᠥᠷᠭᠡᠳᠬᠡᠵᠦ᠂ ᠭᠠᠵᠠᠷ ᠣᠷᠣᠨ ᠤ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠨᠡᠩ ᠥᠷᠭᠡᠨ ᠠᠭᠤᠳᠠᠮ ᠵᠠᠬ᠎ᠠ ᠳᠡᠯᠭᠡᠭᠦᠷ ᠲᠤ ᠣᠷᠣᠭᠤᠯᠬᠤ ᠬᠡᠷᠡᠭᠲᠡᠢ︔ ᠰᠣᠶᠣᠯ ᠤᠷᠠᠯᠢᠭ ᠤᠨ ᠰᠣᠯᠢᠯᠴᠠᠭ᠎ᠠ ᠶᠢ ᠴᠢᠩᠭᠠᠳᠬᠠᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠯᠠᠭᠠᠨᠮᠥ᠋ᠴᠢᠷ ᠤᠨ ᠨᠠᠩ ᠶᠡᠭᠡ ᠲᠠᠪᠴᠠᠩ ᠳᠤ ᠭᠠᠷᠬᠤ ᠳᠤ ᠬᠦᠴᠦ ᠨᠡᠮᠡᠷᠢᠯᠡᠵᠦ᠂ ᠬᠤᠶᠠᠷ ᠭᠠᠵᠠᠷ ᠤᠨ ᠰᠣᠶᠣᠯ ᠤᠷᠠᠯᠢᠭ ᠤᠨ ᠦᠢᠯᠡᠰ ᠤᠨ ᠥᠷᠨᠢᠩᠭᠦᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ᠃     ᠰᠢᠶᠧ ᠴᠦᠨ ᠾᠧ ᠴᠣᠣᠶᠠᠩ ᠲᠣᠭᠤᠷᠢᠭ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠭᠤᠷᠪᠠᠨ ᠵᠢᠯ ᠤᠨ ᠲᠤᠷᠰᠢ᠂ ᠴᠣᠣᠶᠠᠩ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠡᠷᠢᠭᠦᠨ ᠪᠠᠷᠢᠮᠵᠢᠶ᠎ᠠ ᠶᠢ ᠪᠠᠷᠢᠮᠲᠠᠯᠠᠨ᠂ ᠬᠠᠮᠵᠢᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠨᠡᠨ ᠰᠡᠳᠬᠢᠯ ᠠᠴᠠ ᠪᠠᠨ ᠬᠠᠪᠰᠤᠷᠤᠨ ᠠᠬᠢᠭᠤᠯᠤᠭᠰᠠᠨ ᠰᠠᠭᠤᠷᠢᠨ ᠳᠡᠭᠡᠷ᠎ᠡ᠂ ᠨᠠᠩ ᠣᠯᠠᠨ ᠬᠦᠷᠢᠶ᠎ᠡ ᠴᠠᠷᠠᠭ᠎ᠠ ᠶᠢᠨ ᠪᠥᠬᠦ ᠲᠠᠯ᠎ᠠ ᠶᠢᠨ ᠬᠠᠮᠲᠤᠷᠠᠯᠴᠠᠭ᠎ᠠ ᠶᠢ ᠰᠦᠪᠡᠭᠴᠢᠯᠡᠨ ᠠᠬᠢᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠣᠭᠰᠠᠨ ᠪᠠᠶᠢᠨ᠎ᠠ᠃ ᠴᠣᠣᠶᠠᠩ ᠲᠣᠭᠤᠷᠢᠭ ᠤᠨ ᠦᠷᠭᠦᠯᠵᠢᠯᠡᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠰᠠᠯᠠᠭ᠎ᠠ ᠶᠢᠨ ᠬᠢᠶᠠᠭ ᠡᠪᠡᠰᠦ᠂ ᠠᠯᠠᠰᠢᠨ ᠦᠬᠡᠷ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠪᠤᠶᠢᠵᠢᠯᠲᠠ ᠶᠢ ᠠᠬᠢᠭᠤᠯᠬᠤ ᠳᠤ ᠬᠦᠴᠦ ᠨᠡᠮᠡᠷᠢᠯᠡᠵᠦ᠂ ᠴᠢᠨᠠᠷ ᠰᠠᠶᠢᠲᠠᠢ ᠠᠵᠤ ᠦᠢᠯᠡᠰ ᠤᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠪᠦᠷᠢᠯᠳᠦᠭᠦᠯᠵᠦ᠂ ᠭᠠᠵᠠᠷ ᠣᠷᠣᠨ ᠤ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ᠃ ᠡᠭᠦᠨ ᠤ ᠬᠠᠮᠲᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ᠂ ᠰᠣᠶᠣᠯ ᠵᠢᠭᠤᠯᠴᠢᠯᠠᠯ ᠤᠨ ᠬᠠᠮᠵᠢᠯᠴᠠᠭ᠎ᠠ᠂ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡ᠂ ᠺᠠᠳ᠋ᠷ ᠴᠢᠳᠠᠪᠤᠷᠢᠲᠠᠨ ᠤ ᠰᠣᠯᠢᠯᠴᠠᠭ᠎ᠠ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠠᠨ ᠲᠡᠰ ᠳᠠᠪᠬᠤᠷᠭ᠎ᠠ᠂ ᠤᠯᠠᠨ ᠬᠡᠯᠪᠡᠷᠢ᠂ ᠪᠦᠬᠦ ᠲᠠᠯ᠎ᠠ ᠶᠢᠨ ᠬᠤᠣᠰᠯᠠᠨ ᠬᠠᠪᠰᠤᠷᠤᠯᠴᠠᠵᠤ ᠬᠠᠪᠰᠤᠷᠤᠨ ᠲᠡᠳᠬᠦᠬᠦ ᠪᠠᠶᠢᠷᠢᠰᠢᠯ ᠢ ᠪᠦᠷᠢᠯᠳᠦᠭᠦᠯᠵᠦ᠂ ᠬᠤᠶᠠᠷ ᠭᠠᠵᠠᠷ ᠤᠨ ᠬᠠᠮᠵᠢᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ ᠭᠡᠪᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号