ᠭᠦᠸᠧ ᠲᠢᠶᠠᠨ ᠪᠦᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠵᠣᠯᠭᠠᠭᠤᠯᠤᠨ ᠵᠥᠪᠳᠡᠯᠴᠡᠪᠡ
ᠨᠡᠶᠢᠲᠡᠯᠡᠭᠰᠡᠨ ᠴᠠᠭ᠄
2024/5/22
    5 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠠᠶᠢᠯᠴᠢᠯᠠᠷ᠎ᠠ ᠢᠷᠡᠭᠰᠡᠨ ᠭᠦᠸᠧ ᠨᠧᠩ ᠥᠪᠥᠷ ᠮᠣᠩᠭᠤᠯ ᠤᠨ ᠴᠠᠬᠢᠯᠭᠠᠨ ᠬᠦᠴᠦᠨ ᠤ ᠮᠧᠩ ᠳ᠋ᠦᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠪᠠᠢ ᠰᠢᠶᠣᠣ ᠵᠢᠶᠦ᠋ᠨ ᠨᠠᠷ ᠲᠠᠢ ᠵᠣᠯᠭᠠᠭᠤᠯᠤᠨ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠭᠤᠣᠯᠳᠠᠯᠭ᠎ᠠ ᠲᠠᠢ ᠲᠥᠷᠥᠯ ᠵᠦᠢᠯ ᠤᠨ ᠣᠷᠣᠵᠤ ᠰᠠᠭᠤᠬᠤ ᠪᠠ ᠪᠣᠬᠢᠷᠲᠤᠯ ᠦᠭᠡᠢ ᠴᠠᠬᠢᠯᠭᠠᠨ ᠢ ᠰᠢᠩᠭᠡᠬᠡᠨ ᠠᠪᠬᠤ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠵᠤ᠂ ︽ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠰᠢᠨ᠎ᠡ ᠡᠨᠧᠷᠭᠢ ᠶᠢᠨ ᠲᠥᠷᠥᠯ ᠵᠦᠢᠯ ᠵᠢᠴᠢ ᠪᠥᠬᠦ ᠬᠤᠰᠢᠭᠤᠨ ᠤ ᠲᠠᠷᠠᠬᠠᠢ ᠪᠤᠲᠠᠷᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ︾ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃
  郭天宝与企业负责人对接洽谈.jpg
    ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠯᠢᠦ ᠶᠢᠨ ᠱᠧᠩ᠂ ᠬᠤᠰᠢᠭᠤᠨ ᠤ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠠᠷᠠᠯᠵᠢᠶᠠᠴᠢᠨ ᠤᠷᠢᠬᠤ ᠲᠠᠪᠤᠳᠤᠭᠠᠷ ᠳᠤᠭᠤᠶᠢᠯᠠᠩ ᠤᠨ ᠭᠡᠰᠢᠭᠦᠨ ᠣᠷᠣᠯᠴᠠᠵᠠᠢ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号