5 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠭᠦᠸᠧ ᠲᠢᠶᠠᠨ ᠪᠦᠦ ᠬᠡᠰᠡᠭ ᠭᠤᠣᠯᠳᠠᠯᠭ᠎ᠠ ᠲᠠᠢ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ ᠭᠦᠨᠵᠡᠭᠡᠶᠢᠷᠡᠨ᠂ | ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | | | | ᠡᠨᠡ ᠬᠤᠭᠤᠴᠠᠭᠠᠨ ᠳᠤ᠂ ᠭᠦᠸᠧ ᠲᠢᠶᠠᠨ ᠪᠦᠦ ᠡᠯ᠎ᠡ ᠲᠦᠷᠦᠯ ᠵᠦᠢᠯ ᠤᠨ ᠬᠠᠷᠢᠭᠤᠴᠠᠯᠭᠠᠲᠠᠨ ᠲᠠᠢ ᠨᠠᠷᠢᠨ | ᠬᠢᠨᠠᠮᠠᠭᠠᠢ ᠰᠠᠨᠠᠯ ᠢᠶᠠᠨ ᠰᠣᠯᠢᠯᠴᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ | ᠣᠶᠢᠯᠠᠭᠠᠵᠤ᠂ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠣᠯᠣᠨ ᠬᠦᠴᠢᠷᠳᠡᠯ ᠢ | ᠬᠦᠯᠢᠴᠡᠩᠭᠦᠢ ᠪᠠᠷ ᠯᠠᠪᠯᠠᠨ ᠠᠰᠠᠭᠤᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠲᠥᠰᠥᠯ | ᠳᠤᠷᠠᠳᠴᠠᠢ᠃ ᠡᠭᠦᠨ ᠤ ᠬᠠᠮᠲᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡ ᠳᠤ ᠲᠦᠰᠢᠭᠯᠡᠵᠦ᠂ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠲᠦᠭᠵᠢᠮᠡᠯ ᠴᠡᠭ᠂ ᠬᠦᠴᠢᠷ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠦᠴᠢᠷ ᠢ | ᠲᠤᠭᠤᠯᠤᠨ ᠬᠦᠴᠢᠷ ᠢ ᠳᠠᠪᠠᠵᠤ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠣᠯᠬᠤ ᠶᠢ | ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠴᠧᠩ ᠹᠠ ᠪᠦᠯᠦᠭᠯᠡᠯ ᠤᠨ ᠭᠤᠣᠯ ᠬᠠᠷᠢᠭᠤᠴᠠᠯᠭᠠᠲᠠᠨ ᠣᠷᠣᠯᠴᠠᠵᠠᠢ᠃ | | | |