ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ · ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠢᠭᠲᠠ ᠬᠡᠯᠪᠡᠷᠢ ᠶᠢᠨ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢᠨ ᠰᠢᠷᠢᠰ ᠠᠵᠢᠯᠯᠠᠭ᠎ᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/27
     5 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ · ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠢᠭᠲᠠ ᠬᠡᠯᠪᠡᠷᠢ ᠶᠢᠨ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢᠨ ᠰᠢᠷᠢᠰ ᠠᠵᠢᠯᠯᠠᠭ᠎ᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠶᠠᠪᠤᠭᠳᠠᠪᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠲᠣᠰ ᠲᠣᠰ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠲᠦᠩᠯᠢᠶᠣᠣ ᠬᠤᠲᠠ ᠶᠢᠨ ᠮᠣᠩᠭᠤᠯ ᠡᠮᠨᠡᠯᠭᠡ ᠶᠢᠨ ᠶᠠᠰᠤ ᠪᠠᠷᠢᠬᠤ ᠡᠮᠨᠡᠯᠭᠡ ᠶᠢᠨ ᠬᠤᠷᠢᠶ᠎ᠠ ᠲᠠᠢ ︽ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠡᠯᠡᠯᠴᠡᠭᠡᠷ︾ ᠲᠣᠭᠲᠠᠵᠤ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠷᠢᠶᠠᠨ ᠳᠠᠷᠤᠭ᠎ᠠ ᠵᠠᠩ ᠲᠢᠶᠠᠨ ᠽᠢ ᠡᠮᠨᠡᠯᠭᠡ ᠶᠢᠨ ᠬᠤᠷᠢᠶᠠᠨ ᠤ ᠦᠨᠳᠦᠰᠦᠨ ᠪᠠᠶᠢᠳᠠᠯ᠂ ᠳᠠᠪᠠᠭᠤᠯᠢᠭ ᠣᠨᠴᠠᠯᠢᠭᠲᠤ ᠰᠢᠨᠵᠢᠯᠡᠭᠡᠨ ᠤ ᠰᠠᠯᠠᠭ᠎ᠠ᠂ ᠡᠮᠨᠡᠯᠭᠡ ᠶᠢᠨ ᠬᠤᠯᠪᠣᠭᠠᠲᠤ ᠴᠣᠭᠴᠠ ᠶᠢᠨ ᠬᠠᠪᠰᠤᠷᠤᠨ ᠲᠡᠳᠬᠦᠬᠦ ᠲᠥᠯᠦᠪᠵᠢᠭᠦᠯᠭᠡ ᠪᠠ ᠠᠷᠭ᠎ᠠ ᠬᠡᠮᠵᠢᠶ᠎ᠡ ᠶᠢ ᠨᠠᠷᠢᠨ ᠲᠠᠨᠢᠯᠴᠠᠭᠤᠯᠵᠤ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠪᠠ ᠪᠦᠯᠬᠦᠮ ᠬᠡᠯᠪᠡᠷᠢ ᠶᠢᠨ ᠬᠠᠪᠰᠤᠷᠤᠨ ᠲᠡᠳᠬᠦᠬᠦ ᠪᠠᠷ ᠳᠠᠮᠵᠢᠭᠤᠯᠤᠨ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ ᠪᠠᠭᠤᠯᠭᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ᠭᠡᠵᠦ ᠢᠯᠡᠷᠬᠡᠶᠢᠯᠡᠪᠡ᠃
  内蒙古民族大学附属医院•科左后旗.jpg
       ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠭᠦᠸᠧ ᠲᠢᠶᠠᠨ ᠪᠦᠦ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠤᠯᠠᠨ ᠵᠢᠯ ᠤᠨ ᠲᠤᠷᠰᠢᠬᠢ ᠬᠠᠪᠰᠤᠷᠤᠯᠭ᠎ᠠ ᠳᠡᠮᠵᠢᠯᠭᠡ᠂ ᠪᠦᠭᠦ ᠬᠤᠰᠢᠭᠤᠨ ᠤ ᠥᠷᠭᠡᠨ ᠤᠯᠠᠨ ᠡᠮᠨᠡᠯᠭᠡ ᠶᠢᠨ ᠠᠵᠢᠯᠲᠠᠳ ᠤᠨ ᠬᠢᠵᠢᠭ ᠤᠨ ᠬᠤᠭᠤᠴᠠᠭᠠᠨ ᠳᠠᠬᠢ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠴᠢᠬᠤᠯᠠᠴᠢᠯᠠᠭᠰᠠᠨ ᠨᠢ᠂ ᠪᠦᠭᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠠᠨᠲᠤ ᠶᠢᠨ ᠰᠢᠰᠲ᠋ᠧᠮ ᠨᠠᠷᠢᠨ ᠬᠢᠨᠠᠮᠠᠭᠠᠢ ᠰᠤᠷᠤᠯᠴᠠᠵᠤ᠂ ᠳᠠᠷᠤᠤ ᠬᠢᠴᠢᠶᠡᠩᠭᠦᠢ ᠪᠠᠷ ᠠᠰᠠᠭᠤᠨ ᠰᠤᠷᠠᠵᠤ᠂ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠬᠠᠳᠬᠠᠨ᠂ ᠬᠥᠭᠵᠢᠯᠲᠡ ᠶᠢᠨ ᠤᠬᠠᠮᠰᠠᠷ᠂ ᠰᠢᠨ᠎ᠡ ᠶᠢ ᠡᠭᠦᠳᠬᠦ ᠤᠬᠠᠮᠰᠠᠷ᠂ ᠦᠢᠯᠡᠴᠢᠯᠡᠭᠡᠨ ᠤ ᠤᠬᠠᠮᠰᠠᠷ ᠪᠠ ᠬᠤᠷᠢᠭ᠎ᠠ ᠱᠤᠭᠤᠮ ᠤᠨ ᠤᠬᠠᠮᠰᠠᠷ ᠢᠶᠠᠨ ᠪᠠᠲᠤᠳᠬᠠᠵᠤ᠂ ᠪᠦᠭᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠦᠬᠦᠯᠢ ᠴᠣᠭᠴᠠ ᠶᠢᠨ ᠲᠦᠪᠰᠢᠨ ᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠬᠦ ᠬᠡᠷᠡᠭᠲᠡᠢ ᠭᠡᠵᠡᠢ᠃       ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠬᠡᠰᠡᠭ ᠲᠤᠰᠬᠠᠢ ᠮᠡᠷᠭᠡᠵᠢᠯᠲᠡᠨ ᠲᠣᠰ ᠲᠣᠰ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠲᠦᠩᠯᠢᠶᠣᠣ ᠬᠤᠲᠠ ᠶᠢᠨ ᠮᠣᠩᠭᠤᠯ ᠡᠮᠨᠡᠯᠭᠡ ᠶᠢᠨ ᠶᠠᠰᠤ ᠪᠠᠷᠢᠬᠤ ᠡᠮᠨᠡᠯᠭᠡ ᠶᠢᠨ ᠬᠤᠷᠢᠶ᠎ᠠ ᠳᠤ ᠬᠦᠷᠴᠦ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠰᠣᠯᠢᠯᠴᠠᠭ᠎ᠠ ᠪᠠ ᠲᠤᠰᠬᠠᠢ ᠰᠡᠳᠦᠪᠲᠦ ᠲᠠᠶᠢᠯᠤᠮᠵᠢ ᠪᠣᠯᠪᠠᠰᠤᠷᠠᠭᠤᠯᠤᠯ ᠥᠷᠨᠢᠭᠦᠯᠪᠡ᠃ ᠬᠤᠰᠢᠭᠤᠨ ᠤ ᠤᠳᠤᠷᠢᠳᠤᠯᠭ᠎ᠠ ᠰᠦᠨ ᠵᠢᠶᠠᠨ ᠸᠧᠨ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠲᠦᠩᠯᠢᠶᠣᠣ ᠬᠤᠲᠠ ᠶᠢᠨ ᠮᠣᠩᠭᠤᠯ ᠡᠮᠨᠡᠯᠭᠡ ᠶᠢᠨ ᠶᠠᠰᠤ ᠪᠠᠷᠢᠬᠤ ᠡᠮᠨᠡᠯᠭᠡ ᠶᠢᠨ ᠬᠤᠷᠢᠶᠠᠨ ᠤ ᠭᠤᠣᠯ ᠬᠠᠷᠢᠭᠤᠴᠠᠯᠭᠠᠲᠠᠨ ᠪᠠ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠪᠥᠬᠦ ᠬᠤᠰᠢᠭᠤᠨ ᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠣᠷᠣᠯᠴᠠᠵᠠᠢ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号