ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠦᠷᠭᠦᠯᠵᠢᠯᠡᠨ ᠨᠡᠮᠡᠭᠳᠡᠵᠦ᠂ ᠭᠤᠣᠯᠳᠠᠯᠭ᠎ᠠ ᠲᠠᠢ ᠠᠵᠢᠯ | ᠲᠦᠷᠦᠯ ᠤᠨ ᠨᠡᠮᠡᠭᠳᠡᠯ ᠡᠷᠴᠢᠮᠲᠡᠢ ᠪᠠᠶᠢᠨ᠎ᠠ | 1 — 4 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 30.9% ᠨᠡᠮᠡᠭᠳᠡᠵᠦ᠂ 1 — 3 ᠰᠠᠷ᠎ᠠ ᠶᠢᠨ ᠬᠢ ᠠᠴᠠ | 7.3 ᠵᠠᠭᠤᠨ ᠤ ᠨᠢᠭᠡᠴᠢ ᠲᠦᠷᠭᠡᠳᠴᠡᠢ᠃ ᠭᠤᠷᠪᠠᠨ ᠶᠡᠭᠡ ᠲᠥᠷᠥᠯ ᠵᠦᠢᠯ ᠢᠶᠠᠷ ᠬᠤᠪᠢᠶᠠᠵᠤ ᠦᠵᠡᠪᠡᠯ᠂ | ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ 1.9% ᠪᠠᠷ ᠨᠡᠮᠡᠭᠳᠡᠪᠡ︔ ᠦᠢᠯᠡᠳᠬᠦ ᠦᠢᠯᠡᠰ 31.3% | ᠪᠠᠷ ᠨᠡᠮᠡᠭᠳᠡᠪᠡ︔ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ | ᠪᠠ ᠬᠠᠩᠭᠠᠯᠭ᠎ᠠ ᠶᠢᠨ ᠦᠢᠯᠡᠰ 35.7% ᠪᠠᠷ ᠨᠡᠮᠡᠭᠳᠡᠪᠡ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ 13 | ᠠᠵᠢᠯ ᠲᠥᠷᠥᠯ ᠳᠣᠲᠣᠷᠠᠬᠢ 8 ᠠᠵᠢᠯ ᠲᠥᠷᠥᠯ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠠᠵᠢᠯ | ᠲᠥᠷᠥᠯ ᠤᠨ ᠨᠡᠮᠡᠭᠳᠡᠯ ᠤᠨ ᠬᠡᠪᠴᠢᠶ᠎ᠡ ᠨᠢ 61.5% ᠬᠦᠷᠴᠡᠢ᠃ ᠡᠭᠦᠨ ᠳᠤ᠂ ᠡᠮ ᠡᠮᠨᠡᠯᠭᠡ ᠶᠢᠨ ᠦᠢᠯᠡᠰ᠂ | ᠥᠩᠭᠡᠲᠦ ᠲᠡᠮᠦᠷᠯᠢᠭ ᠬᠠᠶᠢᠯᠤᠭᠤᠯᠬᠤ ᠪᠠ ᠤᠷᠲᠤᠳᠬᠠᠨ ᠪᠣᠯᠪᠠᠰᠤᠷᠠᠭᠤᠯᠬᠤ ᠦᠢᠯᠡᠰ ᠠᠳᠠᠯᠢ ᠬᠤᠭᠤᠴᠠᠭᠠᠨ ᠤ | ᠬᠢ ᠠᠴᠠ ᠴᠥᠮ 50% ᠪᠠᠷ ᠨᠡᠮᠡᠭᠳᠡᠪᠡ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠲᠦᠷᠭᠡᠳᠴᠦ᠂ | ᠬᠤᠶᠠᠳᠤᠭᠠᠷ ᠠᠵᠤ ᠦᠢᠯᠡᠰ ᠤᠨ ᠥᠨᠳᠥᠷ ᠨᠡᠮᠡᠭᠳᠡᠯ ᠢ ᠪᠠᠲᠤᠯᠠᠪᠠ | 1 — 4 ᠰᠠᠷ᠎ᠠ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 247.7% ᠨᠡᠮᠡᠭᠳᠡᠵᠦ᠂ 1— 3 | ᠰᠠᠷ᠎ᠠ ᠶᠢᠨ ᠬᠢ ᠠᠴᠠ 119.3 ᠵᠠᠭᠤᠨ ᠤ ᠨᠢᠭᠡᠴᠢ ᠲᠦᠷᠭᠡᠳᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ | ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠳᠤ ᠲᠤᠭ᠎ᠠ ᠪᠠᠷᠢᠮᠲᠠ ᠦᠭᠡᠢ ᠪᠠᠶᠢᠵᠤ | ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 325.7% ᠪᠠᠷ ᠨᠡᠮᠡᠭᠳᠡᠨ᠂ ᠭᠤᠷᠪᠠᠳᠤᠭᠠᠷ ᠠᠵᠤ | ᠦᠢᠯᠡᠰ ᠤᠨ ᠪᠡᠯᠡ ᠣᠷᠣᠭᠤᠯᠤᠯᠲᠠ 60.0% ᠪᠠᠷ ᠪᠠᠭᠤᠷᠠᠪᠠ᠃ | ᠭᠤᠷᠪᠠ᠂ ᠵᠠᠬ᠎ᠠ ᠳᠡᠯᠭᠡᠭᠦᠷ ᠤᠨ ᠬᠡᠷᠡᠭᠯᠡᠭᠡ ᠶᠢ ᠬᠢᠵᠠᠭᠠᠷᠯᠠᠵᠤ ᠨᠡᠮᠡᠭᠳᠡᠯ ᠢ ᠪᠠᠲᠤᠯᠠᠵᠤ᠂ ᠲᠠᠸᠠᠷ ᠤᠨ ᠵᠢᠵᠢᠭᠯᠡᠨ | ᠬᠤᠳᠠᠯᠳᠤᠬᠤ ᠲᠤᠯᠭᠠᠭᠤᠷᠢᠯᠠᠯ ᠢᠯᠡᠷᠬᠡᠢ ᠪᠣᠯᠪᠠ | 1 — 4 ᠰᠠᠷ᠎ᠠ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 20.0% ᠨᠡᠮᠡᠭᠳᠡᠪᠡ᠃ 1 | — 3 ᠰᠠᠷ᠎ᠠ ᠶᠢᠨ ᠬᠢ ᠠᠴᠠ 3.8 ᠵᠠᠭᠤᠨ ᠤ ᠨᠢᠭᠡᠴᠢ ᠪᠠᠭᠤᠷᠠᠪᠠ᠃ ᠡᠭᠦᠨ ᠳᠤ᠂ ᠲᠠᠸᠠᠷ ᠤᠨ ᠵᠢᠵᠢᠭᠯᠡᠨ | ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 29.0% ᠨᠡᠮᠡᠭᠳᠡᠵᠡᠢ᠃ | ᠳᠥᠷᠪᠡ᠂ ᠲᠣᠭᠲᠠᠭᠠᠭᠰᠠᠨ ᠦᠢᠯᠡᠴᠢᠯᠡᠭᠡᠨ ᠤ ᠦᠢᠯᠡᠰ ᠤᠨ ᠡᠷᠭᠢᠯᠳᠡ ᠲᠣᠭᠲᠠᠭᠤᠨ ᠢᠶᠠᠷ ᠶᠠᠪᠤᠭᠳᠠᠵᠤ᠂ ᠬᠡᠰᠡᠭ | ᠠᠵᠢᠯ ᠲᠥᠷᠥᠯ ᠳᠡᠭᠡᠭᠰᠢᠯᠡᠯᠲᠡ ᠰᠠᠶᠢᠵᠢᠷᠠᠯᠲᠠ ᠲᠠᠢ ᠪᠣᠯᠪᠠ | 1 — 3 ᠳᠤᠭᠠᠷ ᠰᠠᠷ᠎ᠠ ᠳᠤ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ | ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 17.2 | ᠳᠣᠷᠣᠭᠰᠢᠯᠠᠵᠠᠢ᠃ 1 — 2 ᠰᠠᠷ᠎ᠠ ᠶᠢᠨ ᠬᠢ ᠠᠴᠠ 0.5 ᠵᠠᠭᠤᠨ ᠤ ᠨᠢᠭᠡᠴᠢ ᠳᠡᠭᠡᠭᠰᠢᠯᠡᠵᠡᠢ᠃ ᠡᠭᠦᠨ ᠳᠤ᠂ | ᠤᠰᠤᠨ ᠠᠰᠢᠭᠯᠠᠯᠲᠠ᠂ ᠣᠷᠴᠢᠨ ᠠᠬᠤᠢ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ | ᠦᠢᠯᠡᠰ ᠠᠳᠠᠯᠢ ᠬᠤᠭᠤᠴᠠᠭᠠᠨ ᠤ ᠬᠢ ᠠᠴᠠ 63.3% ᠪᠠᠷ ᠨᠡᠮᠡᠭᠳᠡᠪᠡ᠃ | | | |