ᠰᠤᠷᠭᠠᠨ ᠬᠥᠮᠦᠵᠢᠯ ᠤᠨ ᠶᠠᠮᠤᠨ᠄ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠪᠣᠯ ᠪᠠᠭᠰᠢ ᠶᠢᠨ ᠡᠩᠨᠡᠭᠡᠨ ᠤ ᠬᠡᠪ ᠴᠢᠨᠠᠷ ᠢ ᠦᠨᠡᠯᠡᠬᠦ ᠨᠢᠭᠡᠳᠦᠭᠡᠷ ᠪᠠᠷᠢᠮᠵᠢᠶ᠎ᠠ ᠮᠥᠨ
ᠨᠡᠶᠢᠲᠡᠯᠡᠭᠰᠡᠨ ᠴᠠᠭ᠄
2024/5/27
    12 ᠰᠠᠷ᠎ᠠ ᠶᠢᠨ 7 ᠤ ᠡᠳᠦᠷ᠂ ᠰᠤᠷᠭᠠᠨ ᠬᠥᠮᠦᠵᠢᠯ ᠤᠨ ᠶᠠᠮᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠰᠤᠷᠭᠠᠨ ᠬᠥᠮᠦᠵᠢᠯ ᠤᠨ ᠶᠠᠮᠤᠨ ᠤ ᠪᠠᠭᠰᠢ ᠶᠢᠨ ᠠᠵᠢᠯ ᠤᠨ ᠵᠤᠷᠭᠠᠨ ᠤ ᠳᠡᠳ᠋ ᠳᠠᠷᠤᠭ᠎ᠠ ᠬᠤᠸᠠᠩ ᠰᠢᠶᠤᠤ ᠬᠤᠸᠠ ᠲᠠᠨᠢᠯᠴᠠᠭᠤᠯᠬᠤ ᠳᠠᠭᠠᠨ᠂ ᠶᠡᠭᠡ ᠳᠡᠭᠡᠳᠦ ᠰᠤᠷᠭᠠᠭᠤᠯᠢ ᠨᠢ ᠪᠠᠭᠰᠢ ᠶᠢᠨ ᠡᠳᠦᠷ ᠲᠤᠲᠤᠮ ᠤᠨ ᠬᠥᠮᠦᠵᠢᠯ ᠵᠢᠯᠣᠭᠤᠳᠣᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠦᠬᠦ ᠪᠠᠭᠰᠢ ᠠᠵᠢᠯᠳᠠᠨ ᠤ ᠶᠣᠰᠣ ᠮᠣᠷᠠᠯ ᠢ ᠬᠥᠮᠦᠵᠢᠭᠦᠯᠬᠦ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠪᠠᠭᠰᠢ ᠶᠢᠨ ᠶᠣᠰᠣ ᠮᠣᠷᠠᠯ ᠤᠨ ᠬᠥᠮᠦᠵᠢᠯ ᠤᠨ ᠤᠬᠠᠭᠤᠯᠭ᠎ᠠ᠂ ᠬᠢᠨᠠᠨ ᠰᠢᠯᠭᠠᠵᠤ ᠬᠢᠨᠠᠯᠲᠠ ᠲᠠᠯᠪᠢᠬᠤ᠂ ᠱᠠᠩᠨᠠᠵᠤ ᠰᠢᠳᠬᠡᠬᠦ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠭᠦᠯᠬᠦ ᠬᠡᠷᠡᠭᠲᠡᠶ᠃    ᠣᠳᠣᠬᠠᠨ ᠳᠤ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠰᠦᠯᠵᠢᠶ᠎ᠡ ᠨᠢᠭᠡᠨᠲᠡ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭ᠎ᠠ ᠶᠢᠨ ᠠᠷᠪᠠᠨ ᠪᠠᠷᠢᠮᠵᠢᠶ᠎ᠠ ᠶᠢ ᠵᠥᠷᠢᠴᠡᠭᠰᠡᠨ 8 ᠪᠦᠯᠦᠭ 58 ᠨᠡᠶᠢᠲᠡᠯᠢᠭ ᠠᠰᠠᠭᠤᠳᠠᠯ ᠢ ᠢᠯᠡ ᠨᠡᠶᠢᠲᠡᠯᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠰᠦᠷᠳᠡᠭᠦᠯᠦᠯ ᠦᠢᠯᠡᠳᠦᠯ ᠢ ᠪᠣᠶ ᠪᠣᠯᠭᠠᠪᠠ ᠬᠡᠵᠡᠢ᠃ ᠬᠤᠸᠠᠩ ᠰᠢᠶᠤᠤ ᠬᠤᠸᠠ ᠬᠡᠯᠡᠬᠦ ᠳᠡᠭᠡᠨ᠂ ᠡᠯ᠎ᠡ ᠭᠠᠵᠠᠷ ᠡᠯ᠎ᠡ ᠰᠤᠷᠭᠠᠭᠤᠯᠢ ᠶᠢ ᠰᠢᠪᠠᠳᠠᠨ ᠪᠠᠶᠢᠭᠠᠳ ᠪᠠᠭᠰᠢ ᠶᠢᠨ ᠶᠣᠰᠣ ᠮᠣᠷᠠᠯ ᠤᠨ ᠲᠠᠯ᠎ᠠ ᠪᠠᠷ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠱᠠᠲᠤ ᠬᠤᠪᠢᠶᠠᠨ ᠢᠯᠡ ᠪᠠᠷ ᠵᠠᠷᠯᠠᠨ ᠮᠡᠳᠡᠭᠳᠡᠵᠦ᠂ ︽ᠣᠭᠲᠣ ᠠᠭᠤᠴᠢᠯᠠᠬᠤ ᠥᠬᠡᠶ ︾ ᠪᠠᠶᠢᠬᠤ ᠬᠡᠷᠡᠭᠲᠡᠶ᠃ ᠡᠭᠦᠨ ᠠᠴᠠ ᠭᠠᠳᠠᠨ᠎ᠠ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠨᠢ ᠨᠢᠭᠡᠨᠲᠡ ᠪᠠᠭᠰᠢ ᠶᠢᠨ ᠡᠩᠨᠡᠭᠡ ᠶᠢᠨ ᠬᠡᠪ ᠴᠢᠨᠠᠷ ᠢ ᠦᠨᠡᠯᠡᠬᠦ ᠨᠢᠭᠡᠳᠦᠭᠡᠷ ᠪᠠᠷᠢᠮᠵᠢᠶ᠎ᠠ ᠪᠣᠯᠵᠣ᠂ ᠡᠯ᠎ᠡ ᠶᠡᠭᠡ ᠳᠡᠭᠡᠳᠦ ᠰᠤᠷᠭᠠᠭᠤᠯᠢ ᠨᠢ ᠨᠢᠭᠡᠨᠲᠡ ᠪᠠᠭᠰᠢ ᠶᠢᠨ ᠮᠣᠷᠠᠯ ᠤᠨ ᠢᠯᠡᠷᠡᠯ ᠢ ᠪᠠᠭᠰᠢ ᠤᠷᠢᠵᠤ ᠡᠯᠰᠡᠬᠦ᠂ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠬᠤ᠂ ᠰᠢᠯᠢᠳᠡᠭ ᠢ ᠰᠢᠯᠭᠠᠷᠠᠭᠤᠯᠵᠤ ᠱᠠᠩᠨᠠᠬᠤ᠂ ᠤᠷᠢᠬᠤ ᠬᠤᠭᠤᠴᠠᠭᠠᠨ ᠤ ᠬᠢᠨᠠᠨ ᠰᠢᠯᠭᠠᠯᠲᠠ ᠬᠢᠬᠦ᠂ ᠲᠥᠷᠥᠯ ᠵᠦᠢᠯ ᠭᠤᠶᠤᠴᠢᠯᠠᠨ ᠮᠡᠳᠡᠭᠦᠯᠬᠦ ᠵᠡᠷᠭᠡ ᠶᠢᠨ ᠲᠡᠷᠢᠭᠦᠨ ᠴᠢᠬᠤᠯᠠ ᠱᠠᠭᠠᠷᠳᠠᠯᠭ᠎ᠠ ᠪᠣᠯᠭᠠᠵᠤ᠂ ᠪᠠᠭᠰᠢ ᠶᠢᠨ ᠮᠣᠷᠠᠯ ᠤᠨ ᠬᠢᠨᠠᠨ ᠰᠢᠯᠭᠠᠯᠲᠠ ᠶᠢ ᠴᠢᠩᠳᠠᠯᠠᠨ᠂ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ ᠪᠠ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠳᠥᠯᠭᠢᠨ ᠠᠬᠢᠭᠤᠯᠵᠤ ᠪᠠᠶᠢᠨ᠎ᠠ ᠬᠡᠪᠡ᠃
 
ᠢᠷᠡᠯᠲᠡ᠄ ᠬᠤᠯᠪᠤᠭ᠎ᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号