ᠰᠢᠶᠧ ᠴᠦᠨ ᠾᠧ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/29
     5 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠢᠪᠠ ᠃ ᠬᠤᠰᠢᠭᠤᠨ ᠤ ᠤᠳᠤᠷᠢᠳᠤᠯᠭ᠎ᠠ ᠲᠦᠩ ᠭᠦᠸᠧ ᠪᠢᠶᠤᠤ᠂ ᠸᠧᠨ ᠮᠢᠩ ᠣᠷᠣᠯᠴᠠᠵᠠᠶ᠃
  解春贺调研园区建设和管理情况.jpg  
    ᠰᠢᠶᠧ ᠴᠦᠨ ᠾᠧ ᠴᠢᠬᠤᠯᠠᠴᠢᠯᠠᠭᠰᠠᠨ ᠨᠢ᠂ ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠴᠢᠩᠭᠠᠳᠬᠠᠵᠤ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠤᠷᠢᠳᠠᠪᠠᠷ ᠬᠦᠷᠢᠶᠡᠯᠡᠩ ᠲᠣᠭᠤᠷᠢᠭ ᠤᠨ ᠤᠳᠤ ᠪᠠᠶᠢᠭ᠎ᠠ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠬᠦ ᠬᠡᠷᠡᠭᠲᠡᠢ᠂ ᠶᠠᠭᠠᠬᠢᠭᠰᠠᠨ ᠴᠤ ︽ᠪᠠᠭ᠎ᠠ ᠶᠢ ᠠᠪᠴᠤ ᠶᠡᠭᠡ ᠶᠢ ᠭᠡᠭᠡᠵᠦ ᠪᠣᠯᠬᠤ ᠦᠭᠡᠢ︾ ᠭᠡᠵᠦ ᠴᠢᠬᠤᠯᠠᠴᠢᠯᠠᠪᠠ᠃ ᠴᠢᠳᠠᠮᠵᠢᠲᠦ ᠣᠷᠣᠨ ᠪᠣᠯᠭᠠᠬᠤ ᠪᠠ ᠵᠠᠷᠴᠢᠮ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠪᠠᠭᠲᠠᠭᠠᠮᠵᠢ ᠶᠢ ᠥᠷᠭᠡᠳᠬᠡᠨ ᠬᠡᠮᠵᠢᠶ᠎ᠡ ᠶᠢ ᠨᠡᠮᠡᠭᠳᠡᠭᠦᠯᠬᠦ ᠪᠠ ᠢᠯᠡᠭᠦᠦ ᠨᠥᠭᠡᠴᠡᠯᠡᠵᠦ ᠢᠯᠡᠭᠦᠦ ᠪᠡᠯᠡᠳᠬᠡᠬᠦ ᠶᠢ ᠵᠡᠷᠭᠡᠪᠡᠷ ᠴᠢᠬᠤᠯᠠᠴᠢᠯᠠᠵᠤ᠂ ᠬᠦᠷᠢᠶᠡᠯᠡᠩ ᠲᠣᠭᠤᠷᠢᠭ ᠤᠨ ᠴᠢᠳᠠᠮᠵᠢ ᠶᠢᠨ ᠲᠥᠯᠥᠪᠵᠢᠭᠦᠯᠭᠡ ᠶᠣᠰᠣᠭᠠᠷ ᠠᠵᠤ ᠠᠬᠤᠶᠢᠯᠠᠯ ᠢ ᠲᠥᠪᠬᠢᠨᠡᠭᠦᠯᠵᠦ᠂ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠠᠵᠤ ᠦᠢᠯᠡᠰ ᠤᠨ ᠬᠤᠯᠪᠣᠭᠳᠠᠯ᠂ ᠪᠡᠯᠡ ᠣᠷᠣᠭᠤᠯᠤᠯᠲᠠ ᠶᠢᠨ ᠡᠷᠴᠢᠮ ᠪᠠ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠣᠨᠴᠠᠯᠢᠭᠲᠤ ᠬᠥᠭᠵᠢᠯᠲᠡ᠂ ᠣᠷᠣᠨ ᠪᠠᠶᠢᠷᠢ ᠰᠣᠯᠪᠢᠴᠠᠭᠤᠯᠤᠨ ᠬᠥᠭᠵᠢᠭᠦᠯᠬᠦ᠂ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠬᠠᠮᠢᠶᠠᠷᠤᠯᠲᠠ ᠪᠠ ᠳᠠᠭᠠᠭᠠᠨ ᠠᠪᠬᠤ ᠡᠭᠦᠷᠭᠡ ᠶᠢ ᠠᠳᠠᠯᠢ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠬᠠᠮᠢᠶᠠᠷᠤᠯᠲᠠ ᠶᠢ ᠨᠠᠷᠢᠯᠢᠭᠵᠢᠭᠤᠯᠬᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠦᠢᠯᠡᠴᠢᠯᠡᠭᠡᠨ ᠢ ᠬᠥᠮᠦᠯᠢᠭ ᠪᠣᠯᠭᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号