ᠰᠢᠶᠧ ᠴᠦᠨ ᠾᠧ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠢ ᠲᠣᠬᠢᠷᠠᠭᠤᠯᠪᠠ
ᠨᠡᠶᠢᠲᠡᠯᠡᠭᠰᠡᠨ ᠴᠠᠭ᠄
2024/5/29
     5 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠬᠤᠷᠠᠯ ᠡᠷᠭᠢᠯᠡᠨ ᠬᠤᠷᠠᠯᠳᠤᠭᠤᠯᠵᠤ᠂ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠰᠢᠶᠧ ᠴᠦᠨ ᠾᠧ ᠴᠢᠬᠤᠯᠠᠴᠢᠯᠠᠭᠰᠠᠨ ᠨᠢ᠂ ︽ᠵᠢᠷᠭᠤᠭᠠᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ᠴᠢᠬᠤᠯᠠ ᠶᠡᠭᠡ ᠤᠯᠤᠰ ᠲᠦᠷᠦ ᠶᠢᠨ ᠢᠨᠵᠧᠨᠧᠷᠢᠩ᠂ ᠬᠥᠭᠵᠢᠯᠲᠡ ᠶᠢᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠮᠥᠨ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠠᠷᠢᠨ ᠬᠢᠨᠠᠮᠠᠭᠠᠶ ᠬᠠᠷᠭᠤᠭᠤᠯᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠡᠯ᠎ᠡ ᠲᠤᠯᠤᠭᠠᠶᠢᠯᠠᠭᠴᠢ ᠤᠳᠤᠷᠢᠳᠤᠯᠭ᠎ᠠ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠠᠵᠢᠯ ᠤᠨ ᠬᠠᠷᠠᠯᠲᠠ᠂ ᠪᠡᠶᠡᠯᠡᠭᠦᠯᠬᠦ ᠴᠠᠭ ᠤᠨ ᠬᠢᠵᠠᠭᠠᠷ ᠢ ᠴᠢᠩᠭ᠎ᠠ ᠠᠩᠬᠠᠷᠴᠤ᠂ ᠲᠤᠬᠢᠷᠠᠭᠤᠯᠭ᠎ᠠ ᠶᠢ ᠴᠢᠩᠭᠠᠳᠬᠠᠵᠤ᠂ ᠬᠠᠮᠵᠢᠯᠴᠠᠨ ᠬᠠᠮᠲᠤᠷᠠᠯᠴᠠᠵᠤ᠂ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠢ ᠥᠷᠨᠢᠬᠦ ᠶᠢ ᠠᠬᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠱᠠᠳᠤ ᠯᠤᠭ᠎ᠠ ᠶᠢᠨ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠶᠢ ᠠᠩᠬᠠᠷᠴᠤ᠂ ᠠᠰᠢᠭᠲᠠᠢ ᠲᠦᠷᠦ ᠶᠢᠨ ᠪᠤᠳᠤᠯᠭ᠎ᠠ ᠶᠢᠨ ᠬᠥᠭᠵᠢᠯᠲᠡ ᠶᠢ ᠦᠨᠡᠨᠬᠦ ᠳᠡᠮᠵᠢᠬᠦ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠶᠠᠪᠤᠳᠠᠯ ᠢ ᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠡ ᠴᠤᠭᠴᠠᠵᠢᠭᠤᠯᠤᠨ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ ᠪᠣᠳᠠᠲᠠᠢ ᠠᠳᠬᠤᠵᠤ᠂ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号