5 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ | ᠤᠰᠤᠨ ᠤ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | ᠯᠢᠦ ᠶᠢᠨ ᠱᠧᠩ᠂ ᠪᠦ᠋ ᠰᠢᠶᠠᠩ ᠨᠢ᠂ ᠲᠦᠩ ᠭᠦᠸᠧ ᠪᠢᠶᠤᠤ᠂ ᠸᠧᠨ ᠮᠢᠩ᠂ ᠸᠠᠩ ᠹᠦ᠋ ᠷᠦᠩ ᠵᠡᠷᠭᠡ | ᠬᠤᠰᠢᠭᠤᠨ ᠤ ᠤᠳᠤᠷᠢᠳᠤᠯᠭ᠎ᠠ ᠵᠢᠴᠢ ᠬᠤᠯᠪᠣᠭᠳᠠᠯ ᠪᠥᠬᠦᠶ ᠪᠠᠯᠭᠠᠰᠤ ᠪᠠ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠨᠥᠬᠦᠳ ᠣᠷᠣᠯᠴᠠᠵᠠᠶ᠃ | ᠰᠢᠶᠧ ᠴᠦᠨ ᠾᠧ ᠴᠢᠬᠤᠯᠠᠴᠢᠯᠠᠭᠰᠠᠨ ᠨᠢ᠂ ᠤᠰᠤᠨ ᠤ ᠣᠷᠴᠢᠨ ᠲᠣᠭᠤᠷᠢᠨ ᠢ ᠵᠠᠰᠠᠬᠤ ᠪᠣᠯ ︽ᠬᠤᠶᠠᠷ | ᠠᠭᠤᠯᠠ︾ ᠶᠢᠨ ᠤᠨᠤᠯ ᠢ ᠦᠢᠯᠡᠳᠦᠯᠭᠡᠵᠢᠭᠦᠯᠬᠦ ᠴᠢᠬᠤᠯᠠ ᠭᠠᠷᠳᠠᠴᠠ ᠪᠣᠯᠬᠤ ᠪᠥᠭᠡᠳ ᠪᠠᠰᠠ ᠤᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ | ᠪᠣᠯᠤᠨ᠎ᠠ᠃ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠠᠵᠢᠯ ᠤᠨ ᠪᠠᠶᠢᠳᠠᠯ ᠢ ᠲᠣᠳᠣᠷᠬᠠᠢ ᠲᠠᠨᠢᠵᠤ᠂ ᠨᠡᠩ ᠴᠢᠩᠭ᠎ᠠ ᠬᠠᠷᠢᠭᠤᠴᠠᠯᠭᠠᠲᠤ ᠰᠡᠳᠬᠢᠯᠭᠡ | ᠪᠣᠯᠤᠨ ᠡᠭᠦᠷᠭᠡᠲᠦ ᠰᠡᠳᠬᠢᠯᠭᠡ ᠪᠠᠷ ᠤᠰᠤᠨ ᠤ ᠣᠷᠴᠢᠨ ᠲᠣᠭᠤᠷᠢᠨ ᠢ ᠵᠠᠰᠠᠬᠤ ᠡᠯ᠎ᠡ ᠵᠦᠢᠯ ᠤᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠪᠠᠭᠤᠷᠠᠢ ᠭᠤᠭᠴᠤᠭ᠎ᠠ ᠪᠣᠯᠤᠨ ᠠᠰᠠᠭᠤᠳᠠᠯ ᠤᠨ ᠦᠨᠳᠦᠰᠦ ᠰᠤᠷᠪᠤᠯᠵᠢ ᠶᠢ ᠣᠨᠣᠪᠴᠢᠲᠠᠢ ᠣᠯᠵᠤ᠂ | ᠡᠬᠢ ᠡᠭᠦᠰᠦᠯ ᠠᠴᠠ ᠨᠢ ᠵᠠᠰᠠᠵᠤ᠂ ᠡᠷᠡᠰ ᠴᠢᠩᠭ᠎ᠠ ᠵᠠᠰᠠᠵᠤ᠂ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ | ᠳᠤᠲᠠᠭᠤᠳᠠᠯ ᠢ ᠨᠥᠬᠦᠪᠥᠷᠢᠯᠡᠬᠦ ᠶᠢ ᠪᠠᠲᠤᠯᠠᠵᠤ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ | ᠲᠣᠭᠲᠠᠭᠤᠨ ᠢᠶᠠᠷ ᠳᠡᠭᠡᠭᠰᠢᠯᠡᠭᠦᠯᠬᠦ ᠶᠢ ᠦᠨᠡᠨᠬᠦ ᠠᠬᠢᠭᠤᠯᠬᠤ ᠬᠡᠷᠡᠭᠲᠡᠢ᠃ ᠪᠣᠬᠢᠷᠲᠤᠯ ᠢ ᠵᠢᠭᠰᠠᠭᠠᠨ ᠪᠠᠶᠢᠴᠠᠭᠠᠬᠤ ᠪᠠᠨ | ᠴᠢᠩᠭᠠᠳᠬᠠᠵᠤ᠂ ᠤᠰᠤᠨ ᠳᠤ ᠬᠤᠯᠪᠣᠭᠳᠠᠭᠰᠠᠨ ᠪᠣᠬᠢᠷᠲᠤᠯ ᠤᠨ ᠡᠬᠢ ᠡᠭᠦᠰᠦᠯ ᠢ ᠪᠥᠬᠦ ᠲᠠᠯ᠎ᠠ ᠪᠠᠷ᠂ ᠨᠠᠷᠢᠨ ᠨᠢᠮᠪᠠᠶ | ᠂ ᠭᠦᠨᠵᠡᠭᠡᠶ ᠵᠢᠭᠰᠠᠭᠠᠨ ᠪᠠᠶᠢᠴᠠᠭᠠᠵᠤ᠂ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ᠂ ᠮᠠᠯ | ᠵᠢᠭᠦᠷᠲᠡᠨ ᠤ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠪᠠ ᠴᠡᠩᠭᠡᠭ ᠤᠰᠤᠨ ᠳᠤ ᠲᠡᠵᠢᠭᠡᠨ ᠦᠷᠡᠵᠢᠭᠦᠯᠬᠦ ᠤᠰᠤ | ᠲᠠᠲᠠᠷᠠᠭᠤᠯᠬᠤ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠠᠷᠢᠮᠵᠢᠶ᠎ᠠ ᠠᠴᠠ ᠬᠡᠲᠦᠷᠡᠭᠰᠡᠨ ᠪᠣᠬᠢᠷ ᠤᠰᠤ ᠶᠢ | ᠦᠨᠳᠦᠰᠦᠨ ᠠᠴᠠ ᠨᠢ ᠰᠢᠢᠳᠪᠦᠷᠢᠯᠡᠬᠦ ᠬᠡᠷᠡᠭᠲᠡᠶ᠃ ᠪᠥᠬᠦ ᠬᠤᠰᠢᠭᠤᠨ ᠤ ᠡᠯ᠎ᠡ ᠱᠠᠲᠤᠨ ᠤ ᠭᠤᠤᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠬᠠᠷᠢᠶ᠎ᠠ ᠭᠠᠵᠠᠷ ᠪᠠ | ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠨᠢᠭᠲᠠ | ᠬᠠᠮᠵᠢᠯᠴᠠᠨ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠶᠢ | ᠪᠠᠶᠢᠩᠭᠤᠵᠢᠭᠤᠯᠤᠨ ᠥᠷᠨᠢᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢ | ᠦᠨᠡᠨ ᠬᠦ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠤᠰᠤ ᠲᠤᠩᠭᠠᠯᠠᠭ ᠡᠷᠭᠢ ᠨᠣᠭᠤᠭᠠᠨ | ᠦᠵᠡᠮᠵᠢ ᠰᠠᠶᠢᠬᠠᠨ ᠪᠠᠶᠢᠬᠤ ᠶᠢ ᠪᠠᠲᠤᠯᠠᠬᠤ ᠬᠡᠷᠡᠭᠲᠡᠶ ᠭᠡᠵᠡᠢ᠃ |