ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠪᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/30
    5 ᠰᠠᠷ᠎ᠠ ᠶᠢᠨ 28 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠪᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠯᠢᠦ ᠸᠧᠨ ᠰᠢ ᠬᠤᠷᠠᠯ ᠡᠷᠭᠢᠯᠡᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠯ᠎ᠡ ᠬᠠᠷᠢᠭᠤᠴᠠᠯᠭᠠᠲᠤ ᠨᠢᠭᠡᠴᠡ ᠶᠢᠨ ︽  ᠲᠦᠷᠦᠭᠦᠦ ᠭᠠᠷ︾᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠠᠵᠢᠯᠲᠠᠳ ᠬᠤᠷᠠᠯ ᠳᠤ ᠣᠷᠣᠯᠴᠠᠵᠠᠶ᠃
  科左后旗召开自治区党委第五巡视组.jpg
    ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠤᠨ ᠪᠠᠶᠢᠳᠠᠯ ᠢ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠭᠤᠤᠯᠳᠠᠯᠭ᠎ᠠ ᠶᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠲᠣᠭᠲᠠᠭᠠᠯ ᠪᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠨ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠤᠶᠠᠯᠳᠤᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠤᠶᠠᠯᠳᠤᠭᠤᠯᠤᠨ᠂ ᠲᠣᠰ ᠲᠣᠰ ᠤᠨ ᠭᠤᠤᠯ ᠠᠵᠢᠯ ᠲᠠᠢ ᠪᠠᠨ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠤᠨ ᠴᠡᠭᠴᠡᠯᠡᠨ ᠰᠠᠶᠢᠵᠢᠷᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠶ᠋ᠯᠡᠳᠦᠯᠭᠡᠵᠢᠭᠦᠯᠬᠦ ᠬᠡᠷᠡᠭᠲᠡᠶ᠃ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ ᠲᠠᠢ ᠬᠢᠨᠠᠮᠠᠭᠠᠶ ᠬᠠᠷᠢᠴᠠᠭᠤᠯᠤᠨ ᠰᠤᠳᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠴᠢᠭᠯᠡᠭᠦᠯᠬᠦ ᠴᠢᠨᠠᠷᠲᠠᠶ ᠪᠠᠷ ᠲᠣᠭᠲᠠᠭᠠᠵᠤ᠂ ᠪᠣᠳᠠᠲᠠᠶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠮᠥᠷᠲᠡᠭᠡᠨ ᠪᠠᠰᠠ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠵᠦ᠂ ᠳᠦᠷᠢᠮ ᠲᠣᠭᠲᠠᠭᠠᠯ ᠢᠶᠠᠨ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠡᠭᠦᠨ ᠤ ᠬᠠᠮᠲᠤ ᠴᠠᠭ ᠤᠨ ᠬᠤᠭᠤᠷᠣᠨᠳᠣᠬᠢ ᠭᠤᠭᠴᠤᠭ᠎ᠠ ᠶᠢ ᠣᠨᠣᠪᠴᠢᠲᠠᠶ ᠡᠵᠡᠮᠳᠡᠵᠦ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠠᠭ ᠲᠤᠬᠠᠶ ᠳᠤᠨᠢ ᠴᠢᠨᠠᠷ ᠢ ᠪᠠᠲᠤᠯᠠᠨ ᠪᠡᠶᠡᠯᠡᠭᠦᠯᠬᠦ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠭᠤᠤᠯ ᠴᠣᠭᠴᠠ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠᠨ ᠴᠢᠩᠭ᠎ᠠ ᠭᠦᠶ᠋ᠴᠡᠳᠬᠡᠵᠦ᠂ ᠭᠤᠤᠯ ᠬᠠᠷᠢᠭᠤᠴᠠᠯᠭᠠᠲᠠᠨ ᠨᠥᠬᠦᠳ ᠰᠠᠨᠠᠭᠠᠴᠢᠯᠠᠭ᠎ᠠ ᠠᠴᠠ ᠪᠠᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠬᠦᠴᠦᠲᠡᠶ ᠪᠣᠳᠠᠲᠠᠶ ᠳᠤ ᠨᠠᠶᠢᠳᠠᠪᠤᠷᠢᠵᠢᠭᠤᠯᠵᠤ᠂ ᠡᠭᠦᠨ ᠤ ᠬᠠᠮᠲᠤ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠴᠡᠭᠴᠡᠯᠡᠨ ᠰᠠᠶᠢᠵᠢᠷᠠᠭᠤᠯᠬᠤ ᠬᠠᠮᠲᠤᠷᠠᠯ ᠬᠦᠴᠦᠨ ᠢ ᠬᠦᠴᠦᠯᠡᠨ ᠪᠦᠷᠢᠯᠳᠦᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠷᠭᠡᠨ ᠡᠮᠬᠢ ᠵᠢᠷᠤᠮ ᠲᠠᠢ ᠠᠬᠢᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠡᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号