ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠷᠠᠳ ᠤᠨ ᠠᠭᠤᠳᠠᠮ ᠲᠠᠯᠠᠪᠠᠶ ᠳᠤ ︽ | ᠨᠡᠶᠢᠭᠡᠮ ᠤᠨ ᠭᠤᠤᠯ ᠰᠡᠳᠦᠪᠲᠦ ᠭᠤᠤᠯᠯᠠᠭᠴᠢ ᠥᠷᠲᠡᠭ ᠤᠨ ᠦᠵᠡᠯᠲᠡ ᠶᠢ ᠪᠠᠷᠢᠮᠲᠠᠯᠠᠵᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾᠂ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ︾ ᠪᠠᠷ ᠭᠤᠤᠯ ᠰᠡᠳᠦᠪ ᠪᠣᠯᠭᠠᠭᠰᠠᠨ ︽ | ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠬᠠᠤᠯᠢ ᠪᠠᠷ ᠵᠠᠰᠠᠬᠤ | ᠤᠬᠠᠭᠤᠯᠭ᠎ᠠ ᠶᠢᠨ ᠭᠠᠷᠠᠭ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠥᠷᠭᠡᠨ | ᠣᠯᠠᠨ ᠲᠦᠮᠡᠨ ᠤ ᠨᠠᠮ ᠤᠨ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠲᠠᠨᠢᠯᠲᠠ ᠪᠠ | ᠮᠡᠳᠡᠷᠡᠮᠵᠢ ᠶᠢ ᠳᠡᠭᠡᠭᠰᠢᠯᠡᠭᠦᠯᠵᠦ᠂ ᠤᠯᠤᠰ ᠤᠨ ᠤᠬᠠᠮᠰᠠᠷ᠂ ᠠᠷᠠᠳ ᠢᠷᠭᠡᠳ ᠤᠨ ᠤᠬᠠᠮᠰᠠᠷ᠂ ᠬᠠᠤᠯᠢ ᠪᠠᠷ ᠵᠠᠰᠠᠬᠤ | ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃ | |