ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠤᠨ ᠠᠵᠢᠯ ᠤᠨ ᠠᠬᠤᠢ ᠲᠠᠯᠠᠪᠠᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/31
    5 ᠰᠠᠷ᠎ᠠ ᠶᠢᠨ 29 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠭᠤᠣᠯ ᠱᠤᠭᠤᠮ ᠤᠨ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠪᠠ᠃ ᠬᠤᠰᠢᠭᠤᠨ ᠤ ᠤᠳᠤᠷᠢᠳᠤᠯᠭ᠎ᠠ ᠰᠢᠶᠧ ᠴᠦᠨ ᠾᠧ᠂ ᠪᠦ᠋ ᠰᠢᠶᠠᠩ ᠨᠢ᠂ ᠸᠧᠨ ᠮᠢᠩ᠂ ᠱᠤᠸᠠᠩ ᠵᠦ ᠵᠢᠴᠢ ᠪᠥᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ ᠤᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ 70 ᠭᠠᠷᠤᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
  科左后旗贯彻落实铸牢中华民族共同体意识.jpg
    ᠬᠤᠷᠠᠯ ᠳᠤ ᠣᠷᠣᠯᠴᠠᠭᠰᠠᠳ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ᠂ ᠨᠤᠭᠤᠰᠤᠲᠠᠢ ᠪᠠᠯᠭᠠᠰᠤᠨ ᠤ ᠶᠠᠮᠤ ᠭᠠᠴᠠᠭ᠎ᠠ᠂ ᠭᠠᠨᠵᠤᠭ᠎ᠠ ᠪᠠᠯᠭᠠᠰᠤᠨ ᠤ ᠬᠤᠯᠪᠤᠭ᠎ᠠ ᠲᠣᠰᠬᠤᠨ᠂ ᠲᠦᠩᠯᠢᠶᠣᠤ ᠬᠤᠲᠠ ᠶᠢᠨ ᠮᠣᠩᠭᠤᠯ ᠡᠮᠨᠡᠯᠭᠡ ᠶᠢᠨ ᠶᠠᠰᠤ ᠪᠠᠷᠢᠬᠤ ᠡᠮᠨᠡᠯᠭᠡ ᠶᠢᠨ ᠬᠤᠷᠢᠶ᠎ᠠ᠂ ᠭᠠᠨᠵᠤᠭ᠎ᠠ ᠨᠢᠭᠡᠳᠦᠭᠡᠷ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠵᠡᠷᠭᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠵᠢᠱᠢᠶ᠎ᠡ ᠦᠵᠡᠭᠦᠯᠬᠦ ᠴᠡᠭ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃    ᠳᠠᠷᠠᠭ᠎ᠠ ᠨᠢ ᠬᠤᠷᠠᠯᠳᠤᠭᠰᠠᠨ ᠬᠤᠷᠠᠯ ᠳᠡᠭᠡᠷ᠎ᠡ᠂ ᠪᠥᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠭᠤᠤᠯ ᠱᠤᠭᠤᠮ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠠᠶ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠡᠦᠬᠡ ᠶᠢᠨ ᠵᠠᠶᠢᠯᠠᠰᠢ ᠥᠬᠡᠶ ᠴᠢᠨᠠᠷ᠂ ᠲᠦᠢᠯ ᠤᠨ ᠴᠢᠬᠤᠯᠠ ᠴᠢᠨᠠᠷ ᠪᠠ ᠠᠬᠤᠶᠢᠴᠢ ᠬᠠᠨᠳᠤᠯᠭᠠᠲᠤ ᠴᠢᠨᠠᠷ ᠢ ᠭᠦᠢᠴᠡᠳ ᠲᠠᠨᠢᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠭᠤᠤᠯ ᠱᠤᠭᠤᠮ ᠢ ᠲᠤᠭᠤᠰᠢᠯᠠᠭᠤᠯᠬᠤ ᠶᠢ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠠᠮᠲᠤ ᠶᠢᠨ ᠠᠵᠢᠯᠯᠠᠭ᠎ᠠ ᠪᠣᠯᠭᠠᠬᠤ ᠶᠢ ᠪᠠᠲᠤᠯᠠᠬᠤ ᠬᠡᠷᠡᠭᠲᠡᠶ᠃ ᠡᠷᠬᠡᠪᠰᠢ ᠭᠤᠣᠯᠳᠠᠯᠭ᠎ᠠ ᠶᠢ ᠡᠵᠡᠮᠳᠡᠵᠦ᠂ ᠭᠦᠢᠴᠡᠳᠬᠡᠯ ᠲᠤᠭ᠎ᠠ ᠶᠢᠨ ᠰᠢᠰᠲ᠋ᠧᠮ ᠤᠨ ᠱᠠᠭᠠᠷᠳᠠᠯᠭ᠎ᠠ ᠶᠣᠰᠣᠭᠠᠷ᠂ ᠵᠢᠱᠢᠶ᠎ᠡ ᠦᠵᠡᠭᠦᠯᠬᠦ ᠴᠡᠭ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠭᠤᠣᠯ ᠱᠤᠭᠤᠮ ᠢ ᠲᠤᠭᠤᠰᠢᠯᠠᠭᠤᠯᠬᠤ ᠠᠵᠢᠯ ᠤᠨ ᠢᠯᠡ ᠲᠦᠷᠦᠭᠳᠡᠯ ᠲᠠᠢ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠡᠷᠬᠡᠪᠰᠢ ᠲᠣᠭᠲᠠᠴᠠ ᠶᠢ ᠪᠦᠷᠢᠨᠰᠢᠭᠦᠯᠵᠦ᠂ ᠪᠣᠭᠤᠮᠲᠠ ᠶᠢ ᠰᠠᠬᠢᠬᠤ ᠶᠢ ᠴᠢᠩᠭᠠᠳᠬᠠᠵᠤ᠂ ᠤᠳᠤᠷᠢᠳᠤᠮᠵᠢ ᠶᠢ ᠪᠦᠷᠢᠯᠳᠦᠭᠦᠯᠵᠦ ᠂ ᠭᠤᠤᠯ ᠱᠤᠭᠤᠮ ᠢ ᠪᠠᠲᠤ ᠪᠠᠬᠢ ᠪᠣᠶ ᠪᠣᠯᠭᠠᠬᠤ ᠪᠠ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠤᠨ ︽ᠦᠨᠡᠨ ᠬᠦ ᠤᠶᠠᠯᠳᠤᠭᠤᠯᠵᠤ᠂ ᠭᠦᠨᠵᠡᠭᠡᠶ ᠠᠭᠤᠰᠤᠯᠴᠠᠬᠤ︾ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠭᠤᠤᠯ ᠱᠤᠭᠤᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠥᠬᠦ ᠬᠤᠰᠢᠭᠤᠨ ᠤ ᠬᠥᠭᠵᠢᠯᠲᠡ ᠶᠢ ᠠᠬᠢᠭᠤᠯᠬᠤ ᠪᠠᠷᠠᠭᠳᠠᠰᠢ ᠥᠬᠡᠶ ᠬᠥᠳᠡᠯᠭᠡᠬᠦ ᠬᠦᠴᠦᠨ ᠪᠣᠯᠭᠠᠬᠤ ᠶᠢ ᠪᠠᠲᠤᠯᠠᠬᠤ ᠬᠡᠷᠡᠭᠲᠡᠶ ᠭᠡᠵᠡᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号