| ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ ᠃ ᠬᠠᠪᠤᠷ ᠤᠨ ᠤᠯᠠᠷᠢᠯ ᠤᠨ ᠠᠮᠢᠲᠠᠨ ᠤ | ᠬᠢᠵᠢᠭ ᠢ ᠰᠡᠷᠭᠡᠶᠢᠯᠡᠬᠦ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠪᠤᠷ ᠤᠨ ᠤᠯᠠᠷᠢᠯ ᠤᠨ | ᠬᠢᠵᠢᠭ ᠢ ᠰᠡᠷᠭᠡᠶᠢᠯᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠪᠤᠳᠠᠳᠠᠢ ᠠᠵᠢᠯ ᠤᠨ | ᠪᠠᠶᠢᠷᠢ ᠂ ᠪᠤᠳᠠᠳᠠᠢ ᠬᠥᠮᠥᠨ ᠳᠤ ᠲᠣᠳᠣᠷᠬᠠᠶᠢᠯᠠᠵᠤ ᠨᠠᠶᠢᠳᠠᠪᠤᠷᠢᠵᠢᠭᠤᠯᠬᠤ ᠶᠢ` ᠠᠬᠢᠭᠤᠯᠵᠤ᠂ ︽ᠭᠠᠴᠠᠭ᠎ᠠ ᠳᠤ | ᠡᠷᠦᠬᠡ ᠶᠢ ᠣᠷᠬᠢᠭᠳᠠᠭᠤᠯᠬᠤ ᠦᠭᠡᠢ᠂ ᠡᠷᠦᠬᠡ ᠳᠤ ᠮᠠᠯ ᠢ ᠣᠷᠬᠢᠭᠳᠠᠭᠤᠯᠬᠤ ᠦᠭᠡᠢ᠂ ᠮᠠᠯ ᠳᠤ ᠵᠡᠭᠦᠦ | ᠶᠢ ᠣᠷᠬᠢᠭᠳᠠᠭᠤᠯᠬᠤ ᠦᠭᠡᠢ︾ ᠪᠠᠶᠢᠬᠤ ᠶᠢ ᠪᠡᠶᠡᠯᠡᠭᠦᠯᠪᠡ᠃ | ᠥᠷᠭᠡᠨ ᠢᠶᠠᠷ ᠤᠬᠠᠭᠤᠯᠤᠨ ᠲᠠᠶᠢᠴᠢᠯᠠᠪᠠ᠃ ᠡᠯ᠎ᠡ ᠭᠠᠴᠠᠭᠠᠨ ᠤ ᠬᠢᠵᠢᠭ ᠰᠡᠷᠭᠡᠶᠢᠯᠡᠭᠴᠢ᠂ ᠰᠠᠶᠢᠨ ᠳᠤᠷ᠎ᠠ ᠶᠢᠨ | ᠦᠢᠯᠡᠴᠢᠯᠡᠭᠴᠢᠳ ᠢ ᠵᠣᠬᠢᠶᠠᠨ ᠪᠠᠶᠢᠭᠤᠯᠵᠤ᠂ ᠸᠢᠴᠠᠲ ᠤᠨ ᠴᠤᠭᠯᠠᠷᠠᠯ᠂ ᠲᠠᠭᠤᠨ ᠰᠢᠩᠭᠡᠭᠡᠯᠳᠡ ᠲᠠᠯᠪᠢᠬᠤ ᠵᠢᠴᠢ | ᠡᠷᠦᠬᠡ ᠳᠤ ᠮᠡᠳᠡᠭᠳᠡᠬᠦ ᠪᠢᠴᠢᠭ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠬᠢᠵᠠᠭᠠᠷᠯᠠᠬᠤ ᠠᠵᠢᠯ ᠳᠤ ᠤᠬᠠᠭᠤᠯᠭ᠎ᠠ ᠬᠢᠵᠦ᠂ ᠨᠡᠶᠢᠲᠡ 1000 ᠭᠠᠷᠤᠶ ᠬᠤᠪᠢ ᠮᠡᠳᠡᠭᠳᠡᠬᠦ ᠪᠢᠴᠢᠭ | ᠲᠠᠷᠬᠠᠭᠠᠪᠠ᠃ | ᠡᠭᠡᠯᠢᠯᠡᠭᠡ ᠶᠢᠨ ᠬᠠᠯᠬᠠᠪᠴᠢ ᠶᠢ ᠪᠠᠲᠤ ᠴᠤᠬᠴᠠᠯᠠᠪᠠ ᠃ ᠡᠯ᠎ᠡ ᠭᠠᠴᠠᠭᠠᠨ ᠤ ᠬᠢᠵᠢᠭ ᠢ ᠰᠡᠷᠭᠡᠶᠢᠯᠡᠭᠴᠢ ᠶᠢ | ᠵᠣᠬᠢᠶᠠᠨ ᠪᠠᠶᠢᠭᠤᠯᠤᠨ ᠳᠤᠭᠤᠶᠢᠯᠠᠩ ᠬᠤᠪᠢᠶᠠᠨ ᠠᠮᠢᠲᠠᠨ ᠤ ᠸᠠᠺᠼᠢᠨ ᠤ ᠲᠠᠷᠢᠯᠭ᠎ᠠ ᠬᠢᠬᠦ ᠠᠵᠢᠯ ᠢ ᠥᠷᠨᠢᠭᠦᠯᠵᠦ᠂ | ᠣᠲᠣ ᠪᠣᠯᠲᠠᠯ᠎ᠠ 3.7 ᠲᠦᠮᠡ ᠭᠠᠷᠤᠶ ᠬᠤᠨᠢ᠂ 4.3 ᠲᠦᠮᠡ ᠭᠠᠷᠤᠶ ᠦᠬᠡᠷ ᠂ 2.8 ᠲᠦᠮᠡ ᠭᠠᠷᠤᠶ ᠲᠠᠬᠢᠶᠠᠨ | ᠳᠤ ᠡᠭᠡᠯᠢᠯᠡᠭᠡ ᠬᠢᠵᠥ᠂ ᠵᠢᠱᠢᠯᠲᠡ ᠪᠠᠷ 5 ᠰᠠᠷ᠎ᠠ ᠶᠢᠨ ᠡᠬᠢ ᠪᠠᠷ ᠲᠠᠷᠢᠯᠭ᠎ᠠ ᠬᠢᠬᠦ ᠡᠭᠦᠷᠭᠡ ᠶᠢ ᠪᠡᠶᠡᠯᠡᠭᠦᠯᠦᠨ᠎ᠡ᠃ | ᠬᠢᠨᠠᠨ ᠵᠢᠯᠣᠭᠤᠳᠴᠤ ᠪᠠᠶᠢᠴᠭᠠᠯᠳᠠ ᠪᠠᠨ ᠴᠢᠩᠭᠠᠳᠬᠠᠪᠠ᠃ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ | ᠱᠠᠯᠠᠪᠳᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ︽ ᠲᠠᠷᠢᠬᠤ ᠶᠣᠰᠣᠲᠠᠶ ᠶᠢ ᠪᠦᠬᠦᠨ ᠢ ᠲᠠᠷᠢᠵᠥ᠂ ᠬᠤᠭᠤᠰᠣᠨ | ᠳᠠᠩᠰᠠ ᠦᠯᠡᠳᠡᠭᠡᠬᠦ ᠦᠭᠡᠶ︾ ᠪᠠᠷ ᠬᠠᠷᠠᠯᠲᠠ ᠪᠣᠯᠭᠠᠨ᠂ ᠠᠮᠢᠲᠠᠨ ᠤ ᠬᠢᠵᠢᠭ ᠢ ᠰᠡᠷᠭᠡᠶᠢᠯᠡᠬᠦ ᠦᠯᠦ ᠬᠠᠯᠳᠠᠭᠠᠬᠤ | ᠠᠬᠢᠴᠠ᠂ ᠦᠯᠦ ᠬᠠᠯᠳᠠᠭᠠᠬᠤ ᠳᠠᠩᠰᠠ ᠡᠪᠬᠡᠮᠡᠯ ᠶᠢᠨ ᠪᠠᠶᠢᠳᠠᠯ᠂ ᠠᠮᠢᠲᠠᠨ ᠤ ᠦᠯᠦ ᠬᠠᠯᠳᠠᠭᠠᠬᠤ ᠡᠬᠡ ᠳᠠᠩᠰᠠ | ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠳᠤ ᠱᠠᠯᠠᠪᠳᠠᠨ ᠪᠠᠶᠢᠴᠠᠭᠠᠯᠲᠠ ᠬᠢᠵᠦ᠂ ᠮᠠᠯ | ᠵᠢᠭᠦᠷᠲᠡᠨ ᠤ ᠦᠯᠦ ᠬᠠᠯᠳᠠᠭᠠᠬᠤ ᠨᠢᠭᠲᠠᠴᠠ ᠶᠢ 100% ᠳᠤ ᠬᠦᠷᠦᠭᠦᠯᠬᠦ ᠶᠢ ᠦᠨᠡᠨᠬᠦ ᠪᠠᠳᠤᠯᠠᠪᠠ᠃ | | |