5 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 4 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠮᠠᠯᠵᠢᠬᠤ ᠲᠠᠷᠢᠶᠠᠯᠠᠬᠤ ᠣᠷᠣᠨ ᠤ | ᠣᠳᠣᠬᠠᠨ ᠤ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠱᠠᠯᠠᠪᠳᠠᠨ ᠵᠢᠯᠤᠭᠤᠳᠴᠤ | ᠪᠠᠶᠢᠴᠠᠭᠠᠨ ᠰᠤᠳᠤᠯᠪᠠ᠃ | | ᠭᠦᠸᠧ ᠲᠢᠶᠠᠨ ᠪᠦᠦ ᠤᠷᠢᠳ ᠬᠤᠵᠢᠳ ᠵᠢᠷᠭᠠᠯᠠᠩ ᠪᠠᠯᠭᠠᠰᠤ᠂ ᠬᠠᠯᠢᠭᠤᠳᠤ ᠪᠠᠯᠭᠠᠰᠤ᠂ ᠴᠠᠷᠠᠰᠤ ᠪᠠᠯᠭᠠᠰᠤ᠂ | ᠱᠤᠸᠠᠩ ᠱᠧᠩ ᠪᠠᠯᠭᠠᠰᠤ᠂ ᠱᠧᠩ ᠯᠢ ᠲᠠᠷᠢᠶᠠᠯᠠᠩ ᠤᠨ ᠲᠠᠯᠠᠪᠠᠶ᠂ ᠪᠠᠭᠠᠳᠠᠯ᠎ᠠ ᠰᠤᠮᠤ ᠵᠡᠷᠭᠡ ᠭᠠᠵᠠᠷ ᠲᠤ ᠬᠦᠷᠴᠦ᠂ | ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ | ᠬᠡᠯᠪᠡᠷᠢ ᠪᠠᠷ ᠭᠤᠣᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ ᠢᠨᠵᠧᠨᠧᠷᠢᠩ᠂ ᠵᠡᠭᠦᠨ ᠯᠢᠶᠣᠤᠾᠧ | ᠭᠤᠣᠯ ᠤᠨ ᠭᠤᠣᠯ ᠤᠷᠤᠰᠬᠠᠯ ᠤᠨ ᠠᠶᠤᠯᠲᠠᠢ ᠪᠠᠷᠢᠯᠭ᠎ᠠ ᠶᠢᠨ ᠠᠶᠤᠯᠲᠠᠢ ᠬᠡᠰᠡᠭ ᠢ ᠵᠠᠰᠠᠬᠤ᠂ ᠬᠢᠶᠠᠭ ᠡᠪᠡᠰᠦ | ᠳᠠᠷᠢᠬᠤ᠂ ᠰᠢᠳ ᠮᠤᠳᠤᠨ ᠤ ᠦᠷ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠡᠷᠳᠡᠨᠢ ᠰᠢᠰᠢ ᠪᠣᠯᠣᠨ ᠰᠢᠷ᠎ᠠ ᠪᠤᠷᠴᠠᠭ ᠤᠨ | ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ᠂ ᠪᠡᠭᠡᠵᠢᠩ ᠬᠤᠲᠠ ᠶᠢᠨ ᠴᠣᠣᠶᠠᠩ ᠲᠣᠭᠤᠷᠢᠭ᠂ ᠲᠦᠩᠯᠢᠶᠣᠣ | ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠯᠠᠰᠢᠨ ᠦᠬᠡᠷ ᠤᠨ ᠪᠠᠷᠢᠮᠵᠢᠶᠠᠵᠢᠭᠰᠠᠨ | ᠦᠢᠯᠡᠳᠪᠦᠷᠢ ᠶᠢᠨ ᠪᠠᠶᠢᠰᠢᠩ ᠤᠨ ᠪᠦᠲᠦᠭᠡᠨ ᠪᠠᠶᠢᠭᠤᠯᠤᠯᠲᠠ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ | ᠱᠠᠯᠠᠪᠳᠠᠨ ᠵᠢᠯᠤᠭᠤᠳᠤᠪᠠ᠃ ᠡᠭᠦᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠲᠠᠯ᠎ᠠ ᠪᠠᠷ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ | | ᠭᠦᠸᠧ ᠲᠢᠶᠠᠨ ᠪᠦᠦ ᠴᠢᠬᠤᠯᠠᠴᠢᠯᠠᠭᠰᠠᠨ ᠨᠢ᠂ ᠦᠶᠡᠷ ᠢ ᠰᠡᠷᠭᠡᠶᠢᠯᠡᠬᠦ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠦᠶᠡᠷ ᠤᠨ ᠬᠤᠭᠤᠴᠠᠭᠠᠨ ᠳᠤ ᠠᠰᠢᠭᠯᠠᠯᠲᠠ ᠳᠤ ᠣᠷᠣᠬᠤ ᠶᠢ | ᠦᠨᠡᠨᠬᠦ ᠪᠠᠲᠤᠯᠠᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ | ᠡᠷᠳᠡᠨᠢ ᠰᠢᠰᠢ ᠪᠣᠯᠣᠨ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ | ᠠᠵᠢᠯ ᠤᠨ ᠠᠬᠢᠴᠠ ᠶᠢ ᠲᠦᠷᠭᠡᠳᠬᠡᠵᠦ᠂ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠠᠵᠢᠯ ᠤᠨ ᠢᠶᠠᠨ ᠴᠢᠬᠤᠯᠠ | ᠡᠬᠢᠯᠡᠯᠲᠡ ᠶᠢᠨ ᠴᠡᠭ ᠪᠣᠯᠭᠠᠬᠤ ᠬᠡᠷᠡᠭᠲᠡᠢ ᠭᠡᠵᠡᠢ᠃ ᠡᠭᠦᠨ ᠤ ᠬᠠᠮᠲᠤ ᠪᠠᠰᠠ ᠶᠠᠳᠠᠭᠤ ᠠᠴᠠ ᠠᠩᠭᠢᠵᠢᠷᠠᠭᠰᠠᠨ | ᠬᠥᠮᠥᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ᠂ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ | ᠂ ᠤᠢ ᠰᠢᠭᠤᠢ ᠨᠤᠲᠤᠭ ᠪᠡᠯᠴᠢᠭᠡᠷ ᠢ ᠰᠡᠷᠭᠡᠶᠢᠯᠡᠨ ᠭᠠᠯ ᠤᠨᠲᠠᠷᠠᠭᠠᠬᠤ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ | ᠤᠢ ᠰᠢᠭᠤᠢ ᠶᠢᠨ ᠳᠠᠷᠤᠭ᠎ᠠ ᠶᠢᠨ ᠳᠦᠷᠢᠮ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠰᠢᠭᠤᠨ ᠤ | ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠸᠠᠩ ᠶᠢᠨ ᠴᠢᠶᠠᠩ᠂ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ | ᠰᠤᠮᠤ ᠪᠠᠯᠭᠠᠰᠤ ᠶᠢᠨ ᠬᠠᠷᠢᠭᠤᠴᠠᠯᠭᠠᠲᠠᠨ ᠣᠷᠣᠯᠴᠠᠵᠠᠢ᠃ | | | |