ᠲᠦᠩᠯᠢᠶᠤᠤ ᠬᠤᠳᠠ ᠶᠢᠨ ︽ᠴᠡᠴᠡᠭᠳᠦ ᠤᠯᠠᠷᠢᠯ ᠤᠨ ᠵᠢᠭᠤᠯᠴᠢᠯᠠᠯ︾ ᠵᠢᠴᠢ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠲᠦᠷᠪᠡᠳᠦᠭᠡᠷ ᠬᠤᠭᠤᠴᠠᠭᠠᠨ ᠤ ᠬᠦᠢᠯᠡᠰᠦᠨ ᠴᠡᠴᠡᠭᠳᠦ ᠰᠤᠶᠤᠯ ᠵᠢᠭᠤᠯᠴᠢᠯᠠᠯ ᠤᠨ ᠨᠠᠶᠢᠷ ᠡᠬᠢᠯᠡᠭᠰᠡᠨ
ᠨᠡᠶᠢᠲᠡᠯᠡᠭᠰᠡᠨ ᠴᠠᠭ᠄
2024/5/7
ᠲᠦᠩᠯᠢᠶᠤᠤ ᠬᠤᠳᠠ ᠶᠢᠨ ︽ᠴᠡᠴᠡᠭᠳᠦ ᠤᠯᠠᠷᠢᠯ ᠤᠨ ᠵᠢᠭᠤᠯᠴᠢᠯᠠᠯ︾ ᠵᠢᠴᠢ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠲᠦᠷᠪᠡᠳᠦᠭᠡᠷ ᠬᠤᠭᠤᠴᠠᠭᠠᠨ ᠤ ᠬᠦᠢᠯᠡᠰᠦᠨ ᠴᠡᠴᠡᠭᠳᠦ ᠰᠤᠶᠤᠯ ᠵᠢᠭᠤᠯᠴᠢᠯᠠᠯ ᠤᠨ ᠨᠠᠶᠢᠷ ᠡᠬᠢᠯᠡᠭᠰᠡᠨ    4 ᠰᠠᠷ᠎ᠠ ᠶᠢᠨ 21 ᠤ ᠡᠳᠦᠷ᠂ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠤᠳᠤᠳᠤ ᠰᠤᠮᠤ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠭᠰᠡᠨ ︽ᠲᠦᠮᠡᠨ ᠮᠥ ᠭᠦᠢᠯᠡᠰᠦᠨ ᠴᠡᠴᠡᠭ ᠰᠣᠨᠢᠷᠬᠠᠵᠤ᠂ ᠤᠮᠠᠷᠠᠲᠤ ᠬᠢᠯᠢ ᠶᠢᠨ ᠰᠣᠶᠣᠯ ᠢ ᠮᠠᠨᠳᠤᠭᠤᠯᠬᠤ︾ ᠲᠦᠩᠯᠢᠶᠣᠤ ᠬᠤᠲᠠ ᠶᠢᠨ ︽  ᠴᠡᠴᠡᠭᠳᠦ  ᠤᠯᠠᠷᠢᠯ ᠤᠨ ᠵᠢᠭᠤᠯᠴᠢᠯᠠᠯ︾ ᠵᠢᠴᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠥᠷᠪᠡᠳᠦᠭᠡᠷ ᠬᠤᠭᠤᠴᠠᠭᠠᠨ ᠤ ᠭᠦᠢᠯᠡᠰᠦᠨ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠤᠳᠤᠳᠤ ᠰᠤᠮᠤ ᠶᠢᠨ ᠲᠦᠮᠡᠨ ᠮᠥ ᠬᠡᠭᠡᠷ᠎ᠡ ᠶᠢᠨ ᠭᠦᠢᠯᠡᠰᠦᠨ ᠣᠢ ᠳᠤ ᠡᠬᠢᠯᠡᠪᠡ᠃    ᠵᠢᠩᠬᠢᠨᠢ ᠡᠬᠢᠯᠡᠯᠳᠡ ᠶᠢᠨ ᠶᠤᠰᠤᠯᠠᠯ ᠨᠢ ᠬᠤᠰᠢᠭᠤᠨ ᠤ ᠤᠯᠠᠭᠠᠨᠮᠥ᠋ᠴᠢᠷ ᠤᠨ ᠲᠣᠭᠯᠠᠯᠲᠠ ᠪᠠᠷ ᠡᠬᠢᠯᠡᠪᠡ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠯᠠᠭᠤ ᠳᠠᠭᠤᠴᠢᠨ ᠠᠭᠤᠳᠠᠮ ᠲᠤᠬᠠᠶ ᠶᠢᠨ ᠲᠠᠯᠠᠪᠠᠶ ᠳᠤ ᠳᠠᠭᠤᠤ ᠡᠷᠬᠦᠵᠥ᠂ ᠨᠤᠲᠤᠭ ᠤᠰᠤ ᠪᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠵᠡᠢ᠃ ᠲᠤᠰ ᠤᠳᠠᠭᠠᠨ ᠤ ᠠᠵᠢᠯᠯᠠᠭ᠎ᠠ ᠨᠢ ᠪᠠᠰᠠ ᠳᠠᠭᠤᠤ ᠬᠥᠭᠵᠢᠮ ᠤᠨ ᠤᠷᠤᠯᠳᠤᠭᠠᠨ᠂ ᠭᠡᠷᠡᠯ ᠵᠢᠷᠤᠭ ᠤᠨ ᠤᠷᠤᠯᠳᠤᠭᠠᠨ ᠪᠠ ᠠᠭᠤᠳᠠᠮ ᠲᠠᠯᠠᠪᠠᠢ ᠶᠢᠨ ᠪᠥᠵᠢᠭ ᠤᠨ ᠤᠷᠤᠯᠳᠤᠭᠠᠨ ᠢ ᠡᠷᠬᠢᠯᠡᠪᠡ᠃ ᠲᠤᠰ ᠠᠵᠢᠯᠯᠠᠭ᠎ᠠ ᠨᠢ ᠰᠤᠶᠤᠯ ᠵᠤᠭᠠᠴᠠᠯ᠂ ᠠᠮᠢ ᠠᠬᠤᠢ ᠶᠢᠨ ᠬᠠᠮᠠᠭᠠᠯᠠᠯᠳᠠ᠂ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠯ ᠵᠡᠷᠭᠡ ᠤᠯᠠᠨ ᠬᠦᠷᠢᠶ᠎ᠡ ᠴᠠᠷ᠎ᠠ ᠶᠢ ᠠᠭᠤᠰᠤᠯᠴᠠᠭᠤᠯᠤᠨ᠂ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠰᠢᠯᠢᠳᠡᠭ ᠵᠢᠭᠤᠯᠴᠢᠯᠠᠯ ᠤᠨ ᠡᠬᠢ ᠪᠠᠶᠠᠯᠢᠭ ᠤᠨ ᠨᠦᠯᠦᠬᠡᠯᠡᠬᠦ ᠬᠦᠴᠦᠨ ᠢ ᠪᠦᠳᠦᠮᠵᠢᠳᠡᠢ ᠦᠷᠭᠡᠳᠭᠡᠵᠤ᠂ ᠰᠤᠶᠤᠯ ᠵᠤᠭᠠᠴᠠᠯ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠪᠡ᠃ 
 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号