ᠰᠢᠶᠧ ᠴᠦᠨ ᠾᠧ ᠡᠮᠦᠨ᠎ᠡ ᠭᠤᠷᠪᠠᠨ ᠬᠤᠰᠢᠭᠤᠨ ᠤ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ︵ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠡᠰᠡᠭ︶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/11
    6 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠡᠮᠦᠨ᠎ᠡ ᠭᠤᠷᠪᠠᠨ ᠬᠤᠰᠢᠭᠤᠨ ᠤ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ︵ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠡᠰᠡᠭ︶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠷᠥᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠪᠠᠶᠢᠳᠠᠯ ᠢ ᠰᠣᠨᠣᠰᠴᠤ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠤᠯᠠᠮ ᠨᠢᠭᠡ ᠠᠯᠬᠤᠮ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠪᠠ᠃ ᠬᠤᠰᠢᠭᠤᠨ ᠤ ᠤᠳᠤᠷᠢᠳᠤᠯᠭ᠎ᠠ ᠸᠧᠨ ᠮᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠣᠷᠣᠯᠴᠠᠵᠠᠶ᠃
  解春贺主持召开南三旗天然气管道.jpg   
    ᠰᠢᠶᠧ ᠴᠦᠨ ᠾᠧ ᠴᠢᠬᠤᠯᠠᠴᠢᠯᠠᠭᠰᠠᠨ ᠨᠢ᠂ ᠡᠮᠦᠨ᠎ᠡ ᠭᠤᠷᠪᠠᠨ ᠬᠤᠰᠢᠭᠤᠨ ᠤ ᠰᠢᠲᠠᠮᠠᠬᠠᠶ ᠬᠡᠶ ᠶᠢᠨ ᠬᠤᠭᠤᠯᠠᠶ ᠶᠢᠨ ᠵᠠᠮ ᠤᠨ ᠲᠥᠷᠥᠯ ᠵᠦᠢᠯ ᠪᠣᠯ ᠲᠦᠩᠯᠢᠶᠣᠤ ᠬᠤᠲᠠ ᠶᠢᠨ ᠭᠤᠤᠯᠳᠠᠯᠭ᠎ᠠ ᠲᠠᠢ ᠡᠨᠧᠷᠭᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠮᠥᠨ᠂ ᠪᠥᠬᠦ ᠬᠤᠲᠠ ᠶᠢᠨ ᠪᠠᠯᠠ ᠣᠷᠣᠭᠤᠯᠤᠯᠲᠠ ᠪᠠ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠳᠠᠶᠢᠴᠢᠯᠠᠬᠤ ᠳᠤ ᠲᠦᠢᠯ ᠤᠨ ᠴᠢᠬᠤᠯᠠ ᠶᠤᠮ᠃ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠤ ᠠᠬᠤᠶᠢᠯᠠᠯ ᠢ ᠵᠣᠬᠢᠴᠠᠭᠤᠯᠤᠨ ᠨᠡᠪᠲᠡᠷᠡᠯᠴᠡᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠢ ᠠᠬᠢᠭᠤᠯᠬᠤ ᠳᠤᠮᠳᠠᠬᠢ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠦᠴᠢᠷ ᠵᠣᠪᠠᠭᠤᠷᠢ ᠶᠢ ᠢᠳᠡᠪᠬᠢᠲᠡᠶ ᠰᠢᠢᠳᠪᠦᠷᠢᠯᠡᠨ ᠥᠭᠴᠦ᠂ ᠲᠥᠷᠥᠯ ᠵᠦᠢᠯ ᠤᠨ ᠤᠷᠤᠭᠰᠢᠲᠠᠶ ᠠᠭᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ ᠭᠠᠷᠳᠠᠮ ᠢ ᠵᠣᠬᠢᠴᠠᠭᠤᠯᠬᠤ᠂ ᠬᠠᠪᠰᠤᠷᠤᠨ ᠭᠦᠢᠴᠡᠳᠬᠡᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠳᠣᠬᠠᠨ ᠤ ᠲᠥᠷᠥᠯ ᠵᠦᠢᠯ ᠤᠨ ᠠᠵᠢᠯ ᠡᠬᠢᠯᠡᠬᠦ ᠶᠢ ᠬᠢᠵᠠᠭᠠᠷᠯᠠᠵᠤ ᠪᠠᠶᠢᠭ᠎ᠠ ᠣᠶ ᠰᠢᠭᠤᠶ ᠡᠪᠡᠰᠦ ᠪᠡᠯᠴᠢᠭᠡᠷ ᠲᠠᠷᠢᠶᠠᠨ ᠭᠠᠵᠠᠷ ᠢ ᠰᠢᠯᠵᠢᠭᠦᠯᠦᠨ ᠪᠠᠶᠢᠭᠤᠯᠬᠤ ᠭᠠᠷᠳᠠᠮ ᠭᠦᠢᠴᠡᠳᠬᠡᠬᠦ ᠠᠰᠠᠭᠤᠳᠠᠯ ᠢ ᠬᠦᠴᠦ ᠪᠠᠨ ᠲᠥᠪᠯᠡᠷᠡᠭᠦᠯᠦᠨ ᠰᠢᠢᠳᠪᠦᠷᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠨᠥᠯᠥᠭᠡᠯᠡᠬᠦ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠭᠡᠷ ᠭᠠᠷ ᠪᠡᠶ᠎ᠡ ᠪᠠᠷ ᠢᠶᠠᠨ ᠱᠠᠯᠠᠪᠳᠠᠭᠤᠯᠤᠨ ᠭᠦᠢᠴᠡᠳᠬᠡᠵᠦ᠂ ᠭᠤᠣᠯᠯᠠᠭᠴᠢ ᠬᠦᠴᠦᠨ ᠢ ᠴᠢᠩᠭ᠎ᠠ ᠲᠤᠬᠢᠷᠠᠭᠤᠯᠤᠨ ᠲᠤᠰᠬᠠᠢ ᠠᠬᠢᠭᠤᠯᠵᠤ᠂ ᠠᠵᠢᠯ ᠤᠨ ᠦᠷ᠎ᠡ ᠪᠦᠲᠦᠮᠵᠢ ᠪᠠᠨ ᠦᠨᠡᠨᠬᠦ ᠳᠡᠭᠡᠭᠰᠢᠯᠡᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠦᠬᠦ ᠬᠦᠴᠦᠨ ᠢᠶᠠᠷ ᠢᠶᠠᠨ ᠦᠢᠯᠡᠴᠢᠯᠡᠬᠦ ᠪᠠ ᠪᠠᠲᠤᠯᠠᠵᠤ᠂ ᠲᠦᠷᠦᠯ ᠵᠦᠢᠯ ᠤᠨ ᠲᠣᠭᠲᠠᠭᠰᠠᠨ ᠴᠠᠭ ᠲᠠᠭᠠᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号