ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 32 ᠳ᠋ᠤᠭᠠᠷ ᠬᠤᠭᠤᠴᠠᠭᠠᠨ ᠤ ︽ᠱᠤᠩᠬᠤᠷ ·  ᠴᠤᠬᠯᠠᠭᠠᠨ︾ ᠤ ᠨᠠᠶᠢᠷ ᠤᠨ ᠰᠢᠷᠢᠰ ᠠᠵᠢᠯᠯᠠᠭ᠎ᠠ ᠶᠠᠪᠤᠬᠳᠠᠭᠤᠯᠪᠠ
ᠨᠡᠶᠢᠲᠡᠯᠡᠭᠰᠡᠨ ᠴᠠᠭ᠄
2024/6/11
   6 ᠰᠠᠷ᠎ᠠ ᠶᠢᠨ 10 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 32 ᠳ᠋ᠤᠭᠠᠷ ᠬᠤᠭᠤᠴᠠᠭᠠᠨ ᠤ ︽ᠱᠤᠩᠬᠤᠷ · ᠴᠤᠬᠯᠠᠭᠠᠨ ︾ ᠨᠠᠶᠢᠷ ᠤᠨ  ᠰᠢᠷᠢᠰ ᠠᠵᠢᠯᠯᠠᠭ᠎ᠠ ᠨᠢ ᠠᠭᠤᠯᠠ ᠪᠠᠯᠭᠠᠰᠤᠨ ᠤ ᠱᠤᠩᠬᠤᠷ ᠰᠣᠶᠣᠯ ᠤᠨ ᠲᠠᠯᠠᠪᠠᠶ ᠳᠤ ᠲᠡᠭᠦᠰ ᠠᠮᠵᠢᠯᠲᠠ ᠲᠠᠢ  ᠶᠠᠪᠤᠬᠳᠠᠪᠠ᠃
    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠶᠧ ᠴᠦᠨ ᠾᠧ᠂ ᠵᠧᠦ ᠭᠦᠸᠧ ᠭᠠᠩ ᠵᠡᠷᠭᠡ ᠤᠳᠤᠷᠢᠳᠤᠯᠭ᠎ᠠ ᠬᠤᠷᠴᠢᠨ ᠠᠷᠠᠳ ᠤᠨ ᠳᠠᠭᠤᠤ᠂ ᠬᠤᠯᠪᠣᠭ᠎ᠠ᠂ ᠦᠯᠢᠭᠡᠷ ᠤᠨ ᠤᠷᠤᠯᠳᠤᠭᠠᠨ ᠵᠢᠴᠢ ᠪᠥᠬᠡ ᠶᠢᠨ ᠤᠷᠤᠯᠳᠤᠭᠠᠨ ᠳᠤ ᠴᠣᠯᠭᠤᠷᠠᠨ ᠭᠠᠷᠤᠭᠰᠠᠨ ᠲᠠᠮᠢᠷᠴᠢᠳ ᠲᠤ ᠱᠠᠩᠨᠠᠯ ᠭᠠᠷᠳᠠᠭᠤᠯᠪᠠ᠃    ᠤᠷᠠᠨ ᠰᠠᠶᠢᠬᠠᠨ ᠤ ᠲᠣᠭᠯᠠᠯᠲᠠ ᠨᠢ ᠬᠤᠰᠢᠭᠤᠨ ᠤ ᠤᠯᠠᠭᠠᠨᠮᠥ᠋ᠴᠢᠷ ᠤᠨ ᠪᠥᠵᠢᠭ ︽ᠨᠠᠶᠢᠷ︾ ᠳᠤᠮᠳᠠ ᠬᠥᠰᠢᠭᠡ ᠪᠠᠨ ᠰᠡᠬᠦᠵᠦ᠂  ᠬᠤᠰᠢᠭᠤᠨ ᠤ ᠲᠤᠳᠤᠨ᠎ᠠ ᠭᠠᠳᠠᠨᠠᠬᠢ ᠵᠤᠭᠠᠴᠠᠬᠴᠢ ᠶᠢᠨ ᠪᠠᠭ᠋ᠠᠷᠤᠯ ᠢ ᠲᠠᠳᠠᠵᠥ᠂ ᠬᠠᠷᠠᠭ᠎ᠠ ᠶᠢ ᠨᠢ ᠬᠤᠵᠢᠷᠯᠠᠵᠥ᠂ ᠰᠤᠨᠤᠷ ᠢ ᠨᠢ ᠪᠠᠶᠠᠰᠬᠠᠨ᠂ ᠰᠡᠳᠬᠢᠯ ᠢ ᠨᠢ ᠰᠡᠷᠬᠦᠭᠡᠵᠥ᠂  ᠦᠳᠭᠡᠨ ᠵᠤᠵᠠᠭᠠᠨ ᠪᠠᠶᠠᠷ ᠨᠠᠶᠢᠷ ᠤᠨ ᠬᠦᠷᠳᠡᠭᠡᠯ ᠤᠯᠭᠤᠪᠠ᠃     ᠲᠤᠬᠠᠶ ᠶᠢᠨ ᠲᠠᠯᠠᠪᠠᠶ ᠳᠤ ᠪᠠᠰᠠ ᠪᠣᠳᠠᠰ ᠤᠨ ᠪᠤᠰᠤ ᠰᠣᠶᠣᠯ ᠤᠨ ᠥᠪ᠂ ᠰᠣᠶᠣᠯ ᠤᠨ ᠡᠭᠦᠳᠦᠯᠲᠡ᠂ ᠲᠠᠷᠢᠶᠠᠯᠠᠩ ᠤᠨ ᠣᠨᠴᠠ ᠭᠠᠷᠤᠯᠲᠠ ᠶᠢ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ ᠠᠵᠢᠯᠯᠠᠭ᠎ᠠ ᠥᠷᠨᠢᠭᠦᠯᠪᠡ᠃ ᠵᠤᠭᠠᠴᠠᠭᠰᠠᠳ  ᠨᠢᠭᠡᠳ ᠨᠢᠭᠡ ᠪᠠᠷ  ᠲᠣᠭᠤᠷᠢᠨ ᠦᠵᠡᠵᠦ᠂ ᠡᠯ᠎ᠡ ᠵᠦᠢᠯ ᠤᠨ ᠨᠠᠷᠢᠯᠢᠭ ᠰᠠᠶᠢᠬᠠᠨ ᠭᠠᠷ ᠤᠷᠠᠯᠠᠯ ᠤᠨ ᠪᠦᠲᠦᠭᠡᠭᠳᠡᠬᠦᠨ ᠪᠣᠯᠤᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ ᠰᠣᠨᠢᠷᠬᠠᠵᠤ᠂ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠣᠶᠢᠯᠠᠭᠠᠪᠠ᠃    ᠣᠶᠢᠯᠠᠭᠠᠭᠰᠠᠨ ᠢᠶᠠᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 32 ᠳ᠋ᠤᠭᠠᠷ ᠬᠤᠭᠤᠴᠠᠭᠠᠨ ᠤ ︽ᠱᠤᠩᠬᠤᠷ · ᠴᠤᠬᠯᠠᠭᠠᠨ︾ ᠤ ᠨᠠᠶᠢᠷ ᠤᠨ ᠰᠢᠷᠢᠰ ᠠᠵᠢᠯᠯᠠᠭ᠎ᠠ ᠭᠤᠷᠪᠠᠨ ᠡᠳᠦᠷ ᠶᠠᠪᠤᠭᠳᠠᠵᠤ᠂ ᠨᠡᠶᠢᠲᠡ 6.7 ᠲᠦᠮᠡᠨ ᠬᠥᠮᠦᠨ ᠤᠳᠠᠭ᠎ᠠ  ᠶᠢᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ  ᠶᠡᠷᠦᠩᠬᠡᠢ ᠣᠷᠣᠯᠭ᠎ᠠ  5300 ᠭᠠᠷᠤᠶ ᠲᠦᠮᠡᠨ ᠲᠥᠭᠦᠷᠢᠭ  ᠬᠦᠷᠪᠡ᠃ ᠲᠤᠰ ᠤᠳᠠᠭ᠎ᠠ ᠶᠢᠨ ᠠᠵᠢᠯᠯᠠᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠪᠠᠷ ᠳᠠᠮᠵᠢᠭᠤᠯᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠴᠢᠩᠭᠠᠳᠬᠠᠵᠤ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠤᠷᠴᠢᠨ ᠠᠷᠠᠳ ᠤᠨ ᠳᠠᠭᠤᠤ᠂ ᠦᠯᠢᠭᠡᠷ᠂ ᠬᠤᠯᠪᠣᠭ᠎ᠠ᠂ ᠪᠦᠭᠡ ᠪᠠᠷᠢᠯᠳᠤᠬᠤ  ᠵᠡᠷᠭᠡ ᠣᠷᠣᠨ ᠨᠤᠲᠤᠭ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠵᠤ᠂ ︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠳᠤ ᠬᠦᠴᠦᠨ ᠨᠡᠮᠡᠷᠢᠯᠡᠪᠡ ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号