︽ᠨᠢᠭᠡ ᠲᠠᠩᠰᠠ︾ ᠶᠢ ᠰᠠᠶᠢᠲᠤᠷ ᠪᠠᠶᠢᠭᠤᠯᠵᠥ ᠲᠠᠭᠤᠰᠬᠠᠪᠠ᠃ ᠭᠠᠵᠠᠷ ᠰᠢᠷᠣᠶ ᠶᠢᠨ ᠵᠢᠭᠤᠷᠠᠯᠳᠤᠭᠠᠨ᠂ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠬᠦᠷᠢᠶ᠎ᠡ ᠶᠢ ᠴᠢᠩᠭ᠎ᠠ ᠠᠩᠬᠠᠷᠴᠤ᠂ ᠡᠷᠦᠬᠡ ᠳᠤ ᠣᠷᠣᠵᠤ | ᠵᠢᠭᠰᠠᠭᠠᠨ ᠪᠠᠶᠢᠴᠠᠭᠠᠬᠤ᠂ ᠤᠲᠠᠰᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠪᠤᠯᠵᠤᠵᠤ ᠰᠤᠷᠪᠤᠯᠵᠢᠯᠠᠬᠤ ᠵᠡᠷᠭᠡ | ᠠᠷᠭ᠎ᠠ ᠮᠠᠶ᠋ᠢᠭ ᠢᠶᠠᠷ ᠵᠥᠷᠢᠴᠡᠯ ᠵᠢᠭᠤᠷᠠᠯᠳᠤᠭᠠᠨ ᠢ 6 ᠤᠳᠠᠭ᠎ᠠ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠵᠦ᠂ 52 | ᠴᠣᠬᠤᠶᠢᠯᠲᠠ ᠶᠢᠨ ᠴᠢᠨᠠᠷᠲᠠᠶ ᠠᠰᠠᠭᠤᠳᠠᠯ ᠢ ᠢᠯᠡᠷᠡᠭᠦᠯᠪᠡ᠃ | ᠤᠬᠠᠭᠤᠯᠭ᠎ᠠ ᠶᠢᠨ ︽ᠨᠢᠭᠡ ᠲᠣᠤᠷ︾ ᠢ ᠨᠢᠭᠲᠠ ᠰᠦᠯᠵᠢᠪᠡ ᠃ ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾᠂ | ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ᠤᠯᠠᠨ | ᠲᠦᠮᠡᠨ ᠤ ᠬᠠᠤᠯᠢᠵᠢᠯ ᠤᠨ ᠤᠬᠠᠮᠰᠠᠷ ᠢ ᠳᠡᠭᠡᠭᠰᠢᠯᠡᠭᠦᠯᠪᠡ᠃ ᠵᠢᠯ ᠤᠨ ᠡᠬᠢᠨ ᠠᠴᠠ ᠨᠠᠰᠢ᠂ | ᠬᠠᠤᠯᠢ ᠴᠠᠭᠠᠵᠠ ᠬᠦᠷᠭᠡᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 5 ᠲᠠᠯᠠᠪᠠᠢ ᠤᠳᠠᠭ᠎ᠠ | ᠥᠷᠨᠢᠭᠦᠯᠵᠦ᠂ 2000 ᠭᠠᠷᠤᠶ ᠬᠥᠮᠦᠨ ᠢ ᠬᠠᠮᠤᠷᠴᠠᠶ᠃ | ᠵᠥᠷᠢᠴᠡᠯ ᠢ ᠠᠷᠢᠯᠭᠠᠬᠤ ᠶᠢ ︽ᠨᠢᠭᠡᠳᠦᠭᠡᠷ ᠹᠷᠣᠨᠲ ᠲᠤ ᠬᠦᠢᠴᠡᠳᠭᠡᠬᠦ︾ ᠶᠢ ᠪᠡᠶᠡᠯᠡᠬᠦᠯᠪᠡ᠃ ᠵᠥᠷᠢᠴᠡᠯ | ᠵᠢᠭᠤᠷᠠᠯᠳᠤᠭᠠᠨ ᠢ ᠰᠢᠢᠳᠪᠦᠷᠢᠯᠡᠬᠦ ᠬᠡᠷᠡᠭ ᠳᠠᠭᠠᠭᠠᠴᠢᠯᠠᠬᠤ ᠳᠦᠷᠢᠮ ᠪᠠ ᠲᠣᠣᠷᠵᠢᠭᠤᠯᠤᠭᠰᠠᠨ ᠬᠠᠮᠢᠶᠠᠷᠤᠯᠲᠠ ᠶᠢᠨ | ᠳᠦᠷᠢᠮ ᠢ ᠬᠡᠷᠡᠭᠵᠢᠭᠦᠯᠵᠦ᠂ ︽ᠨᠢᠭᠡ ᠥᠷᠲᠡᠭᠡᠨ ᠤ ᠮᠠᠶ᠋ᠢᠭ︾ ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ | ᠰᠢᠢᠳᠪᠦᠷᠢᠯᠡᠬᠦ ᠲᠠᠪᠴᠠᠩ ᠢ ᠪᠠᠶᠢᠭᠤᠯᠵᠤ᠂ ᠰᠢᠢᠳᠪᠦᠷᠢᠯᠡᠬᠦ ᠡᠬᠡ ᠳᠠᠩᠰᠠ ᠶᠢ ᠪᠠᠶᠢᠭᠤᠯᠵᠤ᠂ ︽ᠳᠥᠷᠪᠡᠨ ᠰᠠᠯᠪᠤᠷᠢ | ᠨᠢᠭᠡ ᠲᠢᠩᠬᠢᠮ︾ ᠲᠠᠢ ᠬᠤᠯᠪᠣᠭᠠᠯᠠᠨ ᠬᠥᠳᠡᠯᠦᠯᠴᠡᠬᠦ ᠣᠯᠠᠨ ᠲᠠᠯ᠎ᠠ ᠶᠢᠨ ᠬᠦᠴᠦ ᠶᠢ ᠬᠠᠮᠳᠤᠳᠬᠠᠨ ᠵᠥᠷᠢᠴᠡᠯ | ᠵᠢᠭᠤᠷᠠᠯᠳᠤᠭᠠᠨ ᠢ ᠰᠢᠢᠳᠪᠦᠷᠢᠯᠡᠬᠦ ᠶᠢ ᠠᠬᠢᠭᠤᠯᠵᠤ᠂ ᠪᠠᠭ᠎ᠠ ᠶᠠᠪᠤᠳᠠᠯ ᠢ ᠭᠠᠴᠠᠭ᠎ᠠ ᠠᠴᠠ ᠭᠠᠷᠭᠠᠬᠤ ᠦᠭᠡᠢ ᠶᠡᠭᠡ | ᠶᠠᠪᠤᠳᠠᠯ ᠢ ᠰᠤᠮᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ ᠪᠠᠶᠢᠬᠤ ᠶᠢ ᠪᠡᠶᠡᠯᠡᠬᠦᠯᠪᠡ | ᠃ ᠣᠳᠣᠬᠠᠨ ᠪᠣᠯᠲᠠᠯ᠎ᠠ᠂ 48 ᠵᠥᠷᠢᠴᠡᠯ ᠵᠢᠭᠤᠷᠠᠯᠳᠤᠭᠠᠨ ᠢ ᠠᠮᠵᠢᠯᠲᠠ ᠲᠠᠢ ᠪᠠᠷ ᠰᠢᠢᠳᠪᠦᠷᠢᠯᠡᠵᠦ᠂ ᠣᠯᠠᠨ | ᠲᠦᠮᠡᠨ ᠤ ᠬᠠᠨᠤᠮᠵᠢ ᠶᠢᠨ ᠨᠣᠷᠮ᠎ᠠ 100 % ᠳᠤ ᠬᠦᠷᠴᠡᠶ ᠃ | |