ᠦᠰᠦᠭ ᠪᠢᠴᠢᠭ ᠤᠨ ᠲᠠᠶᠢᠯᠤᠮᠵᠢ᠄ ᠥᠪᠥᠷ ᠮᠣᠩᠭᠤᠯ ᠤᠨ ᠰᠤᠷᠤᠭᠴᠢᠳ ᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ︵ᠠᠰᠫᠢᠷᠠᠨᠲ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ︶
ᠨᠡᠶᠢᠲᠡᠯᠡᠭᠰᠡᠨ ᠴᠠᠭ᠄
2024/6/14
     ᠠᠰᠫᠢᠷᠠᠨᠲ ᠤᠨ ᠰᠤᠷᠭᠠᠨ ᠬᠦᠮᠦᠵᠢᠯ ᠤᠨ ᠲᠤᠰᠠᠯᠠᠮᠵᠢ         ᠠᠰᠫᠢᠷᠠᠨᠲ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠦᠩᠭᠦ     ᠡᠳᠡᠭᠡᠳ᠄ ᠪᠦᠬᠦ ᠤᠯᠤᠰ ᠤᠨ ᠰᠤᠳᠤᠯᠬᠤ ᠰᠤᠷᠤᠭᠴᠢ ᠡᠯᠰᠡᠬᠦ ᠲᠥᠯᠥᠪᠯᠡᠭᠡ ᠳᠤ ᠣᠷᠣᠭᠤᠯᠤᠭᠰᠠᠨ ᠶᠡᠭᠡ ᠳᠡᠭᠡᠳᠦ ᠰᠤᠷᠭᠠᠭᠤᠯᠢ ᠳᠤ ᠰᠢᠯᠢᠳᠡᠭ ᠢᠯᠡᠷᠡᠯ ᠲᠠᠢ ᠰᠤᠳᠤᠯᠬᠤ ᠰᠤᠷᠤᠭᠴᠢ᠃     ᠪᠠᠷᠢᠮᠵᠢᠶ᠎ᠠ᠄ ᠠᠰᠫᠢᠷᠠᠨᠲ ᠨᠢᠭᠡᠪᠦᠷᠢ ᠵᠢᠯ ᠪᠦᠷᠢ 20000 ᠲᠥᠭᠦᠷᠢᠭ᠂ ᠳ᠋ᠣᠺᠲ᠋ᠣᠷ ᠨᠢᠭᠡᠪᠦᠷᠢ ᠵᠢᠯ ᠪᠦᠷᠢ 30000 ᠲᠥᠭᠦᠷᠢᠭ᠃         ᠠᠰᠫᠢᠷᠠᠨᠲ ᠤᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ    ᠡᠳᠡᠭᠡᠳ᠄ ᠪᠦᠬᠦ ᠤᠯᠤᠰ ᠤᠨ ᠰᠤᠳᠤᠯᠬᠤ ᠰᠤᠷᠤᠭᠴᠢ ᠡᠯᠰᠡᠬᠦ ᠲᠥᠯᠥᠪᠯᠡᠭᠡ ᠳᠤ ᠣᠷᠣᠭᠤᠯᠤᠭᠰᠠᠨ ᠪᠦᠬᠦ᠋ᠢᠯᠡ ᠪᠦᠬᠦᠯᠢ ᠡᠳᠦᠷ ᠤᠨ ᠳᠦᠷᠢᠮᠲᠦ ᠰᠤᠳᠤᠯᠬᠤ ᠰᠤᠷᠤᠭᠴᠢ ︵ᠲᠣᠭᠲᠠᠮᠠᠯ ᠴᠠᠯᠢᠩ ᠤᠨ ᠣᠷᠣᠯᠭ᠎ᠠ ᠲᠠᠢ ᠨᠢ ᠪᠠᠭᠲᠠᠬᠤ ᠦᠭᠡᠶ︶᠃      ᠪᠠᠷᠢᠮᠵᠢᠶ᠎ᠠ᠄ ᠠᠰᠫᠢᠷᠠᠨᠲ ᠵᠢᠯ ᠪᠦᠷᠢ 8000 ᠲᠥᠭᠦᠷᠢᠭ᠂ ᠳ᠋ᠣᠺᠲ᠋ᠣᠷ ᠨᠢᠭᠡᠪᠦᠷᠢ ᠵᠢᠯ ᠪᠦᠷᠢ 13000 ᠲᠥᠭᠦᠷᠢᠭ᠃        ᠠᠰᠫᠢᠷᠠᠨᠲ ᠤᠨ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ    ᠪᠦᠬᠦ ᠤᠯᠤᠰ ᠤᠨ ᠠᠰᠫᠢᠷᠠᠨᠲ ᠤᠨ ᠰᠤᠷᠤᠭᠴᠢ ᠡᠯᠰᠡᠬᠦ ᠲᠦᠯᠦᠪᠯᠡᠭᠡ ᠳᠤ ᠤᠷᠤᠭᠤᠯᠤᠭᠰᠠᠨ ᠰᠤᠷᠤᠯᠭ᠎ᠠ ᠶᠢᠨ ᠨᠠᠮᠳᠠᠷ ᠲᠠᠢ᠂ ᠰᠢᠨᠵᠢᠯᠡᠬᠦ ᠤᠬᠠᠭᠠᠨ ᠤ ᠰᠤᠳᠤᠯᠭᠠᠨ᠂ ᠨᠡᠶᠢᠭᠡᠮ ᠨᠡᠶᠢᠳᠡ ᠶᠢᠨ ᠠᠰᠠᠷᠠᠮᠵᠢ ᠶᠢᠨ ᠳᠠᠯ᠎ᠠ ᠪᠠᠷ ᠰᠢᠯᠢᠳᠡᠭ ᠬᠢᠷᠢ ᠪᠦᠳᠤᠮᠵᠢ ᠤᠯᠤᠭᠰᠠᠨ ᠪᠦᠬᠦᠯᠢ ᠡᠳᠤᠷ ᠤᠨ ᠲᠦᠷᠢᠮᠳᠤ ᠰᠤᠳᠤᠯᠬᠤ ᠰᠤᠷᠤᠭᠴᠢ᠃    ᠪᠠᠷᠢᠮᠵᠢᠶ᠎ᠠ᠄ ᠠᠰᠫᠢᠷᠠᠨᠲ ᠪᠦᠷᠢ ᠵᠢᠯ ᠳᠤ 10000 ᠲᠥᠭᠦᠷᠢᠭ᠂ ᠳ᠋ᠣᠺᠲ᠋ᠣᠷ ᠪᠦᠷᠢ ᠵᠢᠯ ᠳᠤ 20000 ᠲᠥᠭᠦᠷᠢᠭ ᠪᠣᠯᠤᠨ᠎ᠠ᠃      ᠠᠰᠫᠢᠷᠠᠨᠲ ᠤᠨ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ    ᠡᠳᠡᠭᠡᠳ᠄ ᠪᠦᠬᠦ ᠤᠯᠤᠰ ᠤᠨ ᠠᠰᠫᠢᠷᠡᠨᠲ ᠡᠯᠰᠡᠬᠦ ᠲᠦᠯᠦᠪᠯᠡᠭᠡ ᠳᠤ ᠣᠷᠤᠭᠤᠯᠤᠭᠰᠠᠨ ᠪᠦᠬᠦᠯᠢ ᠡᠳᠦᠷ ᠤᠨ ᠳᠦᠷᠢᠮᠲᠦ ᠰᠣᠳᠤᠯᠬᠤ ᠰᠤᠷᠤᠭᠴᠢ ᠶᠢᠨ 30%᠂  ᠳ᠋ᠣᠺᠲ᠋ᠣᠷ 50% ᠪᠠᠷ ᠤᠯᠭᠤᠨ᠎ᠠ᠃    ᠪᠠᠷᠢᠮᠵᠢᠶ᠎ᠠ᠄ ᠠᠰᠫᠢᠷᠠᠨᠲ ᠪᠦᠷᠢ ᠵᠢᠯ ᠳᠤ 8000 ᠲᠥᠭᠦᠷᠢᠭ᠂ ᠳ᠋ᠣᠺᠲ᠋ᠣᠷ ᠪᠦᠷᠢ ᠵᠢᠯ ᠳᠤ 10000 ᠲᠥᠭᠦᠷᠢᠭ᠃       ᠡᠩ ᠤᠨ ᠦᠨᠳᠥᠷ ᠵᠡᠷᠭᠡ ᠶᠢᠨ ᠳᠤᠮᠳᠠᠳᠦ ᠰᠤᠷᠭᠠᠭᠤᠯᠢ ᠶᠢᠨ ᠰᠤᠷᠭᠠᠨ ᠬᠦᠮᠦᠵᠢᠯ ᠤᠨ ᠪᠠᠯᠡ ᠮᠦᠩᠬᠦ        ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠂ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ     ᠡᠳᠡᠭᠡᠳ᠄ ᠰᠤᠷᠭᠠᠭᠤᠯᠢ ᠶᠢᠨ ᠬᠠᠷᠢᠶᠠᠯᠠᠯ ᠪᠦᠬᠦᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠪᠠᠶᠢᠭ᠎ᠠ ᠰᠤᠷᠤᠭᠴᠢ᠃     ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠪᠠᠷᠢᠮᠵᠢᠶ᠎ᠠ᠄ ᠰᠤᠷᠤᠭᠴᠢ ᠨᠢᠭᠡᠪᠦᠷᠢ ᠵᠢᠯ ᠪᠦᠷᠢ 2000 ᠲᠥᠭᠦᠷᠢᠭ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠭᠤᠯᠤᠭᠰᠠᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠨᠥᠬᠦᠴᠡᠯ ᠳᠤ ᠨᠡᠶᠢᠴᠡᠭᠰᠡᠨ ᠰᠤᠷᠤᠭᠴᠢᠳ ᠲᠤ ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠨᠥᠬᠦᠪᠥᠷᠢ ᠥᠭᠴᠦ᠂ ᠰᠤᠷᠤᠯᠭ᠎ᠠ ᠶᠢᠨ ᠰᠤᠯᠠ ᠵᠠᠷᠤᠳᠠᠯ ᠢ ᠬᠤᠷᠢᠶᠠᠬᠤ ᠨᠢ ᠨᠥᠬᠦᠪᠥᠷᠢ ᠥᠭᠬᠦ ᠪᠠᠷᠢᠮᠵᠢᠶ᠎ᠠ ᠠᠴᠠ ᠥᠨᠳᠥᠷ ᠪᠠᠶᠢᠪᠠᠯ᠂ ᠰᠤᠷᠭᠠᠭᠤᠯᠢ ᠲᠣᠭᠲᠠᠭᠠᠯ ᠶᠣᠰᠣᠭᠠᠷ ᠰᠤᠷᠤᠭᠴᠢᠳ ᠠᠴᠠ ᠵᠥᠷᠢᠶ᠎ᠡ ᠶᠢ ᠬᠤᠷᠢᠶᠠᠵᠤ ᠪᠣᠯᠤᠨ᠎ᠠ᠃         ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠭᠦᠮᠵᠢ ᠮᠦᠩᠭᠦ     ᠡᠲᠡᠭᠡᠳ᠄ ᠵᠢᠩᠬᠢᠨᠢ ᠳᠠᠩᠰᠠᠯᠠᠭᠤᠯᠤᠭᠰᠠᠨ ᠰᠤᠷᠭᠠᠭᠤᠯᠢ ᠶᠢᠨ ᠬᠠᠷᠢᠶᠠᠯᠠᠯ ᠲᠠᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ᠃     ᠪᠠᠷᠢᠮᠵᠢᠶ᠎ᠠ᠄ ᠰᠤᠷᠤᠭᠴᠢ ᠪᠦᠷᠢ ᠳᠤᠮᠳᠠᠴᠢ ᠪᠠᠷ ᠵᠢᠯ ᠪᠦᠷᠢ 2000 ᠲᠥᠭᠦᠷᠢᠭ ᠪᠠᠶᠢᠵᠤ᠂ ᠪᠣᠳᠠᠲᠠᠶ ᠪᠠᠷᠢᠮᠵᠢᠶ᠎ᠠ ᠶᠢ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ 1000 —3000 ᠲᠥᠭᠦᠷᠢᠭ ᠤᠨ ᠬᠡᠪᠴᠢᠶᠡᠨ ᠳᠤ ᠲᠣᠭᠲᠠᠭᠠᠵᠤ᠂ 2 — 3 ᠳᠡᠰ ᠬᠤᠪᠢᠶᠠᠵᠤ ᠪᠣᠯᠤᠨ᠎ᠠ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号