ᠴᠠᠩ ᠱᠧᠩ  ᠪᠠᠯᠭᠠᠰᠤ ᠨᠣᠭᠤᠭ᠎ᠠ ᠵᠢᠮᠢᠰ ᠤᠨ ᠤᠷᠤᠯᠭ᠎ᠠ ᠶᠢ ᠨᠡᠮᠡᠭᠳᠡᠬᠦᠯᠵᠥ ᠪᠡᠶᠢᠨ᠎ᠡ
ᠨᠡᠶᠢᠲᠡᠯᠡᠭᠰᠡᠨ ᠴᠠᠭ᠄
2024/6/17
    ᠲᠣᠰ ᠪᠠᠯᠭᠠᠰᠤ᠂ ᠣᠲᠣ ᠶᠢᠨ ᠪᠠᠶᠢᠭ᠎ᠠ ᠲᠠᠷᠢᠶᠠᠯᠠᠩ ᠪᠠ ᠠᠮᠢ ᠠᠬᠤᠶ ᠶᠢᠨ ᠡᠬᠢ ᠪᠠᠶᠠᠯᠢᠭ ᠲᠤ ᠲᠦᠰᠢᠭᠯᠡᠨ᠂ ︽ᠨᠠᠮ ᠤᠨ ᠡᠭᠦᠷ  +ᠬᠤᠷᠰᠢᠶ᠎ᠠ + ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠢ ᠠᠪᠴᠤ᠂ ᠭᠦᠵᠡᠯᠵᠡᠭᠡᠨ᠎ᠡ ᠶᠢᠨ ᠲᠥᠪᠡᠳ ᠬᠠᠰᠢ᠂ ᠲᠠᠷᠪᠤᠰ᠂ ᠵᠢᠶᠠᠩᠳᠦ ᠵᠡᠷᠭᠡ ᠤᠨᠴᠠᠯᠢᠬᠳᠤ ᠪᠦᠲᠦᠭᠡᠭᠳᠡᠬᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠯᠡᠮᠵᠢ ᠶᠢᠨ ᠲᠠᠷᠢᠮᠠᠯ ᠤᠨ ᠠᠵᠤ ᠠᠬᠤᠶ ᠶᠢ ᠬᠥᠭᠵᠢᠭᠦᠯᠵᠦ᠂ ᠲᠣᠰᠬᠤᠨ ᠤ ᠠᠷᠠᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠪᠠ᠃ ᠣᠳᠣᠬᠠᠨ ᠳᠤ᠂ ᠴᠠᠩ ᠱᠧᠩ ᠪᠠᠯᠭᠠᠰᠤᠨ ᠤ ᠴᠠᠩ ᠱᠧᠩ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠳᠤ  ᠲᠥᠬᠦᠭᠡᠷᠦᠮᠵᠢᠲᠦ ᠲᠠᠷᠢᠶᠠᠯᠠᠩ ᠤᠨ ᠬᠦᠯᠡᠮᠵᠢ 14 ᠪᠠᠶᠢᠵᠤ᠂ ᠨᠡᠶᠢᠭᠡᠮᠴᠢᠯᠡᠭᠰᠡᠨ ᠡᠵᠡᠩᠨᠡᠯᠲᠡ ᠶᠢᠨ ᠵᠠᠭᠪᠤᠷ ᠢ ᠪᠥᠬᠦ ᠲᠠᠯ᠎ᠠ ᠪᠠᠷ ᠬᠡᠷᠡᠭᠯᠡᠨ᠂ ᠪᠣᠳᠠᠲᠤ ᠴᠣᠭᠴᠠ ᠶᠢᠨ ᠬᠤᠳᠠᠯᠳᠤᠭᠠᠨ ᠤ ᠬᠡᠲᠦ ᠳᠡᠯᠭᠡᠭᠦᠷ ᠲᠠᠢ ᠬᠠᠮᠲᠤᠷᠠᠯᠴᠠᠬᠤ᠂ ᠵᠠᠬᠢᠶᠠᠯᠠᠭ᠎ᠠ ᠶᠢᠨ ᠬᠡᠯᠪᠡᠷᠢ ᠪᠠᠷ ᠪᠣᠷᠣᠯᠠᠭᠤᠯᠬᠤ᠂ ᠰᠦᠯᠵᠢᠶᠡᠨ ᠤ ᠲᠠᠪᠴᠠᠩ ᠵᠡᠷᠭᠡ ᠵᠠᠭᠪᠤᠷ ᠲᠠᠢ ᠪᠣᠷᠣᠯᠠᠭᠤᠯᠭ᠎ᠠ ᠶᠢᠨ ᠠᠷᠭ᠎ᠠ ᠵᠠᠮ  ᠢ ᠥᠷᠭᠡᠳᠬᠡᠵᠦ᠂ ᠠᠵᠤ ᠦᠢᠯᠡᠰ ᠤᠨ ᠬᠦᠷᠢᠶᠡᠯᠡᠩ ᠤᠨ ᠡᠷᠬᠢᠨ ᠲᠣᠭᠤᠷᠢᠨ ᠤ ᠲᠠᠷᠢᠶᠠᠴᠢᠨ ᠡᠷᠦᠬᠡ ᠶᠢᠨ ᠬᠡᠷ ᠪᠦᠯᠢ ᠶᠢᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠪᠠ᠃
常胜镇发展果蔬大棚.jpg
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号