ᠬᠠᠯᠢᠭᠤᠳᠤ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠤᠬᠴᠠᠯᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠡᠯ᠎ᠡ ᠵᠦᠢᠯ ᠤᠨ ᠠᠵᠢᠯ ᠤᠨ ᠬᠦᠴᠦᠲᠡᠢ ᠪᠥᠭᠡᠳ ᠡᠮᠬᠢ ᠵᠢᠷᠤᠮ ᠲᠠᠢ ᠥᠷᠨᠢᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/6/18
     ᠦᠵᠡᠯ ᠰᠠᠨᠠᠭᠠᠨ ᠤ ᠪᠠᠶᠢᠭᠤᠯᠤᠯᠲᠠ ᠶᠢ ᠴᠢᠬᠤᠯᠠᠴᠢᠯᠠᠵᠤ᠂ ᠭᠤᠣᠯ ᠰᠡᠳᠦᠪᠲᠦ ᠠᠭᠤᠳᠠᠮ ᠲᠠᠯᠠᠪᠠᠢ 2᠂ ᠭᠤᠣᠯ ᠰᠡᠳᠦᠪᠲᠦ ᠰᠣᠶᠣᠯ ᠤᠨ ᠬᠡᠷᠡᠮ 2᠂ ᠤᠬᠠᠭᠤᠯᠭ᠎ᠠ ᠶᠢᠨ ᠪᠤᠯᠤᠩ 15᠂ ᠤᠬᠠᠭᠤᠯᠭ᠎ᠠ ᠶᠢᠨ ᠡᠯᠭᠦᠭᠡ ᠪᠢᠴᠢᠭᠡᠰᠦ ᠶᠢ 120 ᠭᠠᠷᠤᠢ ᠡᠯᠭᠦᠵᠦ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠵᠡᠯ ᠰᠠᠨᠠᠭᠠᠨ ᠤ ᠮᠡᠳᠡᠷᠡᠮᠵᠢ ᠶᠢ ᠴᠢᠩᠭᠠᠳᠬᠠᠪᠠ᠃      ᠠᠵᠤ ᠦᠢᠯᠡᠰ ᠤᠨ ᠬᠥᠭᠵᠢᠯᠲᠡ ᠶᠢ ᠪᠣᠳᠠᠲᠠᠢ ᠠᠳᠬᠤᠵᠤ᠂ ᠠᠵᠤ ᠦᠢᠯᠡᠰ ᠤᠨ ᠬᠥᠭᠵᠢᠯᠲᠡ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ 2024 ᠣᠨ ᠳᠤ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠦᠷᠦᠯ ᠵᠦᠢᠯ ᠢ 6701 ᠮᠦ ᠬᠡᠷᠡᠭᠵᠢᠭᠦᠯᠵᠦ᠂ ᠨᠢᠭᠡᠳᠦᠭᠡᠷ ᠤᠯᠠᠷᠢᠯ ᠳᠤ 6943 ᠠᠯᠠᠰᠢᠨ ᠮᠠᠯ ᠪᠣᠷᠣᠯᠠᠭᠤᠯᠪᠠ᠃     ᠰᠣᠶᠣᠯ ᠤᠨ ᠡᠬᠢ ᠪᠠᠶᠠᠯᠢᠭ ᠢ ᠠᠭᠤᠳᠠᠯᠵᠤ᠂ ᠨᠠᠮ ᠤᠨ ᠬᠤᠷᠢᠶ᠎ᠠ ᠠᠴᠠ ᠳᠠᠭᠠᠭᠤᠯᠬᠤ᠂ ᠨᠠᠮ ᠤᠨ ᠡᠭᠦᠷ ᠠᠴᠠ ᠳᠠᠭᠠᠭᠤᠯᠬᠤ᠂ ᠣᠯᠠᠨ ᠲᠦᠮᠡᠨ ᠢ  ᠲᠠᠶᠢᠴᠢᠯᠠᠪᠠ᠃ 19 ᠭᠠᠴᠠᠭ᠎ᠠ ᠪᠦᠬᠦᠨ ᠢᠶᠠᠷ ᠢᠶᠠᠨ ᠰᠣᠶᠣᠯ ᠤᠨ ᠤᠬᠠᠭᠤᠯᠭ᠎ᠠ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃ ᠠᠭᠠᠵᠤᠳ ᠭᠠᠴᠠᠭᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠠᠭᠤᠷᠢᠨ ᠭᠠᠵᠠᠷ ᠢ 6 ᠰᠠᠷ᠎ᠠ ᠶᠢᠨ ᠰᠡᠭᠦᠯᠴᠢ ᠪᠠᠷ ᠪᠠᠷᠢᠵᠤ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃     ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠬᠠᠮᠲᠤ ᠪᠠᠷ ᠠᠬᠢᠭᠤᠯᠬᠤ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠬᠢᠶᠠᠭ ᠡᠪᠡᠰᠦᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠲᠣ ᠶᠢᠨ 1.7 ᠲᠦᠮᠡᠨ ᠮᠥ ᠪᠠᠶᠢᠬᠤ ᠰᠠᠭᠤᠷᠢᠨ ᠳᠡᠭᠡᠷ᠎ᠡ᠂ 1.5 ᠲᠦᠮᠡᠨ ᠮᠥ ᠳᠠᠷᠢᠵᠤ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ ᠬᠢᠭᠡᠳ ᠨᠡᠶᠢᠭᠡᠮ ᠤᠨ ᠦᠷ᠎ᠡ ᠠᠰᠢᠭ ᠤᠨ ᠣᠯᠠᠨ ᠠᠮᠵᠢᠯᠲᠠ ᠶᠢ ᠪᠡᠶᠡᠯᠡᠭᠦᠯᠪᠡ᠃
海鲁吐镇紧紧围绕铸牢中华民族共同.jpg
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号