6 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠭᠦᠸᠧ ᠲᠢᠶᠠᠨ ᠪᠦᠦ ᠪᠦᠯᠬᠦᠮ ᠳᠠᠭᠠᠭᠤᠯᠤᠨ ᠪᠡᠭᠡᠵᠢᠩ ᠬᠤᠲᠠ ᠶᠢᠨ ᠴᠤᠤᠶᠠᠩ ᠲᠣᠭᠤᠷᠢᠭ ᠲᠤ ᠬᠦᠷᠴᠦ᠂ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠵᠣᠯᠭᠠᠭᠤᠯᠵᠤ᠂ ᠴᠤᠤᠶᠠᠩ ᠲᠣᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠦ᠋ ᠰᠢᠶᠤᠤ ᠵᠢᠶᠧ᠂ ᠲᠣᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠼᠦᠢ ᠰᠢᠶᠤᠤ ᠬᠤᠤ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠵᠣᠯᠭᠠᠭᠤᠯᠵᠤ | ᠰᠠᠨᠠᠯ ᠢᠶᠠᠨ ᠰᠣᠯᠢᠯᠴᠠᠪᠠ᠃ | | | | | ᠡᠨᠡ ᠬᠤᠭᠤᠴᠠᠭᠠᠨ ᠳᠤ᠂ ᠭᠦᠸᠧ ᠲᠢᠶᠠᠨ ᠪᠦᠦ ᠨᠠᠷ ᠤᠷᠢᠳ ᠬᠤᠵᠢᠳ ᠴᠤᠤᠶᠠᠩ ᠳᠡᠭᠡᠳᠦ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠪᠣᠯᠤᠨ ᠴᠤᠤᠶᠠᠩ ᠲᠠᠷᠢᠶᠠᠯᠠᠩ ᠤᠨ ᠤᠷᠠᠯᠢᠭ ᠤᠨ | ᠬᠦᠷᠢᠶᠡᠯᠡᠩ ᠳᠤ ᠬᠦᠷᠴᠦ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠰᠢᠭᠤᠨ ᠳᠡᠳ᠋ ᠳᠠᠷᠤᠭ᠎ᠠ ᠶᠠᠩ ᠧᠨ ᠵᠧᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠰᠢᠭᠤᠨ ᠳᠡᠳ᠋ ᠳᠠᠷᠤᠭ᠎ᠠ ᠲᠦᠩ ᠭᠦᠸᠧ ᠪᠢᠶᠣᠤ ᠵᠢᠴᠢ ᠬᠤᠰᠢᠭᠤᠨ ᠤ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠰᠠᠯᠠᠭ᠎ᠠ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠭᠤᠤᠯ | ᠬᠠᠷᠢᠭᠤᠴᠠᠯᠭᠠᠲᠠᠨ ᠣᠷᠣᠯᠴᠠᠵᠠᠶ᠃ | |