ᠵᠢᠷᠤᠭᠳᠤ ᠲᠠᠶᠢᠯᠤᠮᠵᠢ᠄ ᠥᠪᠥᠷ ᠮᠣᠩᠭᠤᠯ ᠤᠨ ᠰᠤᠷᠤᠭᠴᠢᠳ ᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ︵ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠠᠯᠠᠮᠵᠢ︶
ᠨᠡᠶᠢᠲᠡᠯᠡᠭᠰᠡᠨ ᠴᠠᠭ᠄
2024/6/21
    ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ᠂ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ ᠦᠭᠡᠶ ᠪᠠᠷ ᠬᠠᠩᠭᠠᠬᠤ    ᠡᠲᠡᠭᠡᠳ᠄ ᠪᠣᠶ ᠪᠥᠬᠦᠶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢ ᠪᠠᠭᠲᠠᠭᠠᠨ᠎ᠠ᠂ ᠳᠣᠷᠣᠭᠰᠢ ᠠᠳᠠᠯᠢ︶ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠰᠤᠷᠤᠭᠴᠢ᠃     ᠰᠤᠷᠤᠯᠭ᠎ᠠ ᠶᠢᠨ ᠰᠦᠢᠳᠬᠡᠯ ᠬᠡᠯᠲᠦᠷᠢᠭᠦᠯᠬᠦ ᠪᠠᠷᠢᠮᠵᠢᠶ᠎ᠠ᠄ ᠰᠤᠷᠤᠭᠴᠢ ᠨᠢᠭᠡᠪᠦᠷᠢ ᠵᠢᠯ ᠪᠦᠷᠢ 2000 ᠲᠥᠭᠦᠷᠢᠭ ᠪᠠᠶᠢᠵᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠭᠰᠡᠨ ᠰᠤᠷᠤᠭᠴᠢᠳ ᠲᠤ ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠨᠥᠬᠦᠪᠥᠷᠢ ᠥᠭᠴᠦ᠂ ᠰᠤᠷᠤᠯᠭ᠎ᠠ ᠶᠢᠨ ᠰᠦᠢᠳᠬᠡᠯ ᠬᠤᠷᠢᠶᠠᠬᠤ ᠨᠢ ᠨᠥᠬᠦᠪᠥᠷᠢ ᠥᠭᠬᠦ ᠪᠠᠷᠢᠮᠵᠢᠶ᠎ᠠ ᠠᠴᠠ ᠥᠨᠳᠥᠷ ᠪᠠᠶᠢᠪᠠᠯ᠂ ᠰᠤᠷᠭᠠᠭᠤᠯᠢ ᠲᠣᠭᠲᠠᠭᠠᠯ ᠶᠣᠰᠣᠭᠠᠷ ᠰᠤᠷᠤᠭᠴᠢᠳ ᠠᠴᠠ ᠵᠥᠷᠢᠶ᠎ᠡ ᠭᠠᠷᠤᠭᠰᠠᠨ ᠬᠡᠰᠡᠭ ᠢ ᠬᠤᠷᠢᠶᠠᠵᠤ ᠪᠣᠯᠤᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠤᠨᠴᠠᠭᠠᠢ ᠲᠥᠷᠥᠯ ᠤᠨ ᠲᠤᠰᠬᠠᠶ ᠮᠡᠷᠭᠡᠵᠢᠯ ᠤᠨ ᠰᠤᠷᠤᠭᠴᠢᠳ ᠤᠨ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠣᠨ ᠤ ᠰᠦᠢᠳᠬᠡᠯ ᠬᠤᠷᠢᠶᠠᠬᠤ ᠦᠭᠡᠶ ᠪᠠᠷᠢᠮᠵᠢᠶ᠎ᠠ ᠠᠴᠠ ᠥᠨᠳᠥᠷ ᠪᠠᠶᠢᠬᠤ ᠬᠡᠰᠡᠭ ᠢ ᠬᠤᠪᠢ ᠬᠥᠮᠦᠨ ᠡᠭᠦᠷᠭᠡᠯᠡᠨ᠎ᠡ᠃           ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠦᠩᠭᠦ    ᠡᠲᠡᠭᠡᠳ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠬᠤᠶᠠᠳᠤᠭᠠᠷ ᠤᠨ ᠵᠢᠴᠢ ᠲᠡᠭᠦᠨ ᠠᠴᠠ ᠳᠡᠭᠡᠭᠰᠢᠬᠢ ᠰᠤᠷᠤᠭᠴᠢ ᠶᠢᠨ ᠳᠣᠲᠣᠷ᠎ᠠ᠂ ᠰᠤᠷᠤᠯᠭ᠎ᠠ ᠶᠢᠨ ᠬᠢᠷᠢ ᠪᠦᠲᠦᠮᠵᠢ ᠂ ᠮᠡᠷᠭᠡᠵᠢᠯ ᠴᠢᠳᠠᠪᠤᠷᠢ ᠶᠢᠨ ᠢᠯᠡᠷᠡᠯ ᠵᠡᠷᠭᠡ ᠲᠠᠯ᠎ᠠ ᠪᠠᠷ ᠣᠨᠴᠠᠭᠠᠶ ᠰᠢᠯᠢᠳᠡᠭ ᠰᠤᠷᠤᠭᠴᠢ᠃    ᠪᠠᠷᠢᠮᠵᠢᠶ᠎ᠠ᠄ ᠰᠤᠷᠤᠭᠴᠢ ᠪᠦᠷᠢ ᠵᠢᠯ ᠳᠤ 6000 ᠲᠥᠭᠦᠷᠢᠭ ᠪᠣᠯᠤᠨ᠎ᠠ᠃         ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠤᠯᠤᠰ ᠤᠨ ᠰᠤᠷᠤᠯᠭ᠎ᠠ ᠶᠢᠨ ᠲᠡᠳᠭᠦᠮᠵᠢ ᠮᠦᠩᠭᠦ    ᠡᠲᠡᠭᠡᠳ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠲᠠᠢ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠨᠢᠭᠡᠳᠦᠭᠡᠷ ᠬᠤᠶᠠᠳᠤᠭᠠᠷ ᠣᠨ ᠤ ᠪᠥᠬᠦ ᠮᠠᠯᠵᠢᠬᠤ ᠲᠠᠷᠢᠶᠠᠯᠠᠬᠤ ᠣᠷᠣᠨ ︵ᠰᠢᠶᠠᠨ ᠪᠠᠯᠭᠠᠰᠤ ᠶᠢ ᠪᠠᠭᠲᠠᠭᠠᠨ᠎ᠠ︶ ᠤ ᠰᠤᠷᠭᠠᠭᠤᠯᠢ ᠳᠤ ᠪᠠᠶᠢᠭ᠎ᠠ ᠰᠣᠷᠣᠭᠴᠢ ᠵᠢᠴᠢ ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠰᠣᠷᠣᠭᠴᠢ ᠪᠠ ᠲᠠᠷᠢᠶᠠᠯᠠᠩ ᠳᠤ ᠥᠯᠥ ᠬᠤᠯᠪᠣᠭᠳᠠᠬᠤ ᠲᠤᠰᠬᠠᠶ ᠮᠡᠷᠭᠡᠵᠢᠯ ᠤᠨ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠣᠷᠣᠭᠴᠢ᠃    ᠪᠠᠷᠢᠮᠵᠢᠶ᠎ᠠ᠄ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠤᠨ ᠨᠢᠭᠡᠳᠦᠭᠡᠷ ᠬᠤᠶᠠᠳᠤᠭᠠᠷ ᠣᠨ ᠤ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠪᠠ ᠲᠠᠷᠢᠶᠠᠯᠠᠩ ᠳᠤ ᠬᠤᠯᠪᠣᠭᠳᠠᠬᠤ ᠪᠤᠰᠤ ᠲᠤᠰᠬᠠᠶ ᠮᠡᠷᠭᠡᠵᠢᠯ ᠤᠨ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠣᠷᠣᠭᠴᠢ      ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠪᠠᠶᠢᠷᠢ ᠳᠤ ᠰᠠᠭᠤᠭ᠎ᠠ ᠰᠤᠷᠤᠭᠴᠢᠳ ᠤᠨ ᠪᠠᠶᠢᠷᠢ ᠳᠤ ᠰᠠᠭᠤᠬᠤ ᠵᠠᠷᠤᠳᠠᠯ ᠤᠨ ᠨᠦᠬᠦᠪᠦᠷᠢ    ᠡᠲᠡᠭᠡᠳ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠤᠨ ᠨᠢᠭᠡ᠂ ᠬᠤᠶᠠᠷ᠂ ᠭᠤᠷᠪᠠᠳᠤᠭᠠᠷ ᠣᠨ ᠤ ᠪᠠᠶᠢᠷᠢ ᠳᠤ ᠰᠠᠭᠤᠭ᠎ᠠ ᠰᠣᠷᠣᠭᠴᠢ ︵ᠠᠵᠢᠯᠯᠠᠵᠤ ᠰᠤᠷᠤᠯᠴᠠᠬᠤ ᠶᠢ ᠡᠭᠡᠯᠵᠢᠯᠡᠵᠦ ᠪᠠᠶᠢᠭ᠎ᠠ ᠰᠣᠷᠣᠭᠴᠢ ᠶᠢ ᠪᠠᠭᠲᠠᠭᠠᠬᠤ ᠦᠭᠡᠢ︶᠃      ᠪᠠᠷᠢᠮᠵᠢᠶ᠎ᠠ᠄ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠬᠤ ᠰᠣᠷᠣᠭᠴᠢ ᠪᠦᠷᠢ ᠵᠢᠯ ᠳᠤ 800 ᠲᠥᠭᠦᠷᠢᠭ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠬᠤ ᠰᠣᠷᠣᠭᠴᠢ ᠪᠦᠷᠢ ᠵᠢᠯ ᠳᠤ 500 ᠲᠥᠭᠦᠷᠢᠭ ᠪᠣᠯᠤᠨ᠎ᠠ᠃        ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠲᠤᠰᠠᠯᠠᠮᠵᠢ     ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠲᠡᠳᠭᠦᠮᠵᠢ ︵ᠠᠰᠠᠷᠠᠨ ᠬᠦᠮᠦᠵᠢᠭᠦᠯᠬᠦ ᠵᠠᠷᠤᠳᠠᠯ ᠢ ᠬᠠᠰᠤᠵᠤ ᠬᠡᠯᠲᠦᠷᠢᠭᠦᠯᠬᠦ︶    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠵᠦ ᠪᠠᠶᠢᠭᠤᠯᠤᠭᠰᠠᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ︵ᠬᠡᠤᠬᠡᠳ ᠰᠠᠭᠠᠲᠠᠭᠤᠯᠬᠤ ᠭᠠᠵᠠᠷ᠂ ᠦᠷ᠎ᠡ ᠬᠡᠤᠬᠡᠳ ᠤᠨ ᠴᠡᠴᠡᠷᠯᠢᠭ ᠵᠡᠷᠭᠡ ᠠᠩᠬᠠᠨ ᠤ ᠰᠤᠷᠭᠠᠨ ᠬᠥᠮᠦᠵᠢᠯ ᠤᠨ ᠪᠠᠶᠢᠭᠤᠯᠤᠮᠵᠢ ᠶᠢ ᠪᠠᠭᠲᠠᠭᠠᠬᠤ ᠥᠬᠡᠶ︶ ᠲᠤ ᠰᠤᠷᠤᠯᠴᠠᠵᠤ ᠪᠠᠶᠢᠭ᠎ᠠ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠬᠡᠤᠬᠡᠳ᠃      ᠪᠠᠷᠢᠮᠵᠢᠶ᠎ᠠ᠄ A ᠲᠥᠷᠥᠯ ᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠳᠡᠢ ᠴᠡᠴᠡᠷᠯᠢᠭ ᠤᠨ ᠬᠡᠤᠬᠡᠳ ᠪᠦᠷᠢ ᠵᠢᠯ ᠳᠤ 2000 ᠲᠥᠭᠦᠷᠢᠭ︔ BC ᠶᠢᠨ ᠲᠥᠷᠥᠯ ᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠳᠡᠢ ᠴᠡᠴᠡᠷᠯᠢᠭ ᠤᠨ ᠬᠡᠦᠬᠡᠳ ᠪᠦᠷᠢ ᠵᠢᠯ ᠳᠤ 1000 ᠲᠥᠭᠦᠷᠢᠭ ᠪᠣᠯᠤᠨ᠎ᠠ᠃        ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠤᠰᠠᠯᠠᠮᠵᠢ     ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ᠂ ᠬᠢᠴᠢᠶᠡᠯ ᠤᠨ ᠪᠢᠴᠢᠭ ᠤᠨ ᠰᠦᠢᠳᠭᠡᠯ ᠢ ᠬᠡᠯᠲᠦᠷᠢᠭᠦᠯᠬᠦ      ᠡᠳᠡᠭᠡᠳ᠄ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ᠰᠤᠷᠭᠠᠭᠤᠯᠢ ᠳᠤ ᠪᠠᠶᠢᠭ᠎ᠠ ᠪᠦᠬᠦ ᠰᠤᠷᠤᠭᠴᠢ᠃      ᠪᠠᠶᠢᠷᠢ ᠳᠤ ᠰᠠᠭᠤᠭ᠎ᠠ ᠰᠤᠷᠤᠭᠴᠢ ᠶᠢᠨ ᠬᠤᠨᠤᠭ ᠤᠨ ᠨᠦᠬᠦᠪᠦᠷᠢ      ᠡᠳᠡᠭᠡᠳ᠄ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ᠰᠤᠷᠭᠠᠭᠤᠯᠢ ᠳᠤ ᠪᠠᠶᠢᠭ᠎ᠠ ᠪᠦᠬᠦ ᠪᠠᠶᠢᠷᠢ ᠳᠤ ᠰᠠᠭᠤᠭ᠎ᠠ ᠰᠤᠷᠤᠭᠴᠢ᠃           ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠠᠮᠢᠳᠤᠷᠠᠯ ᠤᠨ ᠵᠠᠷᠤᠳᠠᠯ ᠤᠨ ᠨᠥᠬᠦᠪᠥᠷᠢ    ᠪᠠᠶᠢᠷᠢ ᠳᠤ ᠰᠠᠭᠤᠬᠤ ᠰᠤᠷᠤᠭᠴᠢᠳ ᠤᠨ ᠠᠮᠢᠳᠤᠷᠠᠯ ᠤᠨ ᠰᠦᠢᠳᠬᠡᠯ ᠤᠨ ᠲᠤᠰᠠᠯᠠᠮᠵᠢ ᠪᠠ ᠪᠠᠶᠢᠷᠢ ᠳᠤ ᠰᠠᠭᠤᠬᠤ ᠪᠤᠰᠤ ᠰᠤᠷᠤᠭᠴᠢᠳ ᠤᠨ ᠠᠮᠢᠳᠤᠷᠠᠯ ᠤᠨ ᠰᠦᠢᠳᠬᠡᠯ ᠤᠨ ᠲᠤᠰᠠᠯᠠᠮᠵᠢ ᠭᠡᠵᠦ ᠬᠤᠪᠢᠶᠠᠨ᠎ᠠ᠃    ᠪᠠᠶᠢᠷᠢ ᠳᠤ ᠰᠠᠭᠤᠬᠤ ᠰᠤᠷᠤᠭᠴᠢᠳ ᠤᠨ ᠠᠮᠢᠳᠤᠷᠠᠯ ᠤᠨ ᠰᠦᠢᠳᠬᠡᠯ ᠤᠨ ᠨᠥᠬᠦᠪᠥᠷᠢ ᠣᠯᠭᠤᠬᠤ ᠡᠲᠡᠭᠡᠳ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠶᠢᠨ ᠰᠤᠷᠭᠠᠭᠤᠯᠢ ᠨᠢ ᠰᠤᠷᠭᠠᠭᠤᠯᠢ ᠳᠤ ᠪᠠᠶᠢᠭ᠎ᠠ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠪᠠᠶᠢᠷᠢ ᠳᠤ ᠰᠠᠭᠤᠬᠤ ᠰᠤᠷᠤᠭᠴᠢᠳ᠃     ᠪᠠᠷᠢᠮᠵᠢᠶ᠎ᠠ᠄ ᠪᠠᠭ᠎ᠠ ᠰᠤᠷᠭᠠᠭᠤᠯᠢ ᠶᠢᠨ ᠰᠤᠷᠤᠭᠴᠢ ᠪᠦᠷᠢ ᠵᠢᠯ ᠪᠦᠷᠢ 1250 ᠳᠦᠬᠦᠷᠢᠭ᠂ ᠠᠩᠬ᠎ᠠ ᠵᠡᠷᠬᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠪᠦᠷᠢ ᠵᠢᠯ ᠳᠤ 1500 ᠳᠦᠬᠦᠷᠢᠭ᠃    ᠪᠠᠶᠢᠷᠢ ᠳᠤ ᠰᠠᠭᠤᠬᠤ ᠪᠤᠰᠤ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠨᠥᠬᠦᠪᠥᠷᠢ ᠬᠦᠷᠲᠡᠬᠦ ᠡᠲᠡᠭᠡᠳ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠶᠢᠨ ᠰᠤᠷᠭᠠᠭᠤᠯᠢ ᠶᠢᠨ ᠬᠠᠷᠢᠶ᠎ᠠ ᠲᠠᠢ ᠰᠤᠷᠭᠠᠭᠤᠯᠢ ᠳᠤ ᠪᠠᠶᠢᠭ᠎ᠠ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ ᠰᠠᠭᠤᠭ᠎ᠠ ᠰᠤᠷᠤᠭᠴᠢ᠃    ᠪᠠᠷᠢᠮᠵᠢᠶ᠎ᠠ᠄ ᠪᠠᠭ᠎ᠠ ᠰᠤᠷᠭᠠᠭᠤᠯᠢ ᠶᠢᠨ ᠰᠤᠷᠤᠭᠴᠢ ᠨᠢᠭᠡᠪᠦᠷᠢ ᠵᠢᠯ ᠪᠦᠷᠢ 625 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠪᠦᠷᠢ ᠵᠢᠯ ᠳᠤ 750 ᠲᠥᠭᠦᠷᠢᠭ ᠪᠣᠯᠤᠨ᠎ᠠ᠃     
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号