ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠪᠠ
ᠨᠡᠶᠢᠲᠡᠯᠡᠭᠰᠡᠨ ᠴᠠᠭ᠄
2024/6/24
   ᠪᠠᠩᠬᠢ ᠭᠠᠶᠢᠯᠢ ᠶᠢᠨ ᠬᠠᠷᠢᠯᠴᠠᠨ ᠦᠢᠯᠡᠳᠦᠯᠴᠡᠬᠦ ᠶᠢ ᠬᠦᠨᠵᠡᠭᠡᠶᠢᠷᠡᠬᠦᠯᠪᠡ᠃ ᠭᠠᠶᠢᠯᠢ ᠲᠤᠰᠢᠶᠠᠬᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠠᠶᠢᠯᠢ ᠶᠢᠨ ᠶᠠᠪᠤᠳᠠᠯ ᠤᠨ ᠲᠠᠪᠴᠠᠩ ᠪᠠᠶᠢᠭᠤᠯᠵᠤ᠂ ᠪᠠᠩᠬᠢ ᠰᠢ ᠲᠤᠬᠯᠠᠵᠥ᠂ ᠠᠵᠤ ᠠᠬᠤᠶᠢᠯᠠᠯ ᠠᠰᠢᠭ ᠭᠥᠷᠳᠡᠬᠦ︾  ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ ᠪᠠᠯᠠ ᠲᠣᠬᠢᠷᠠᠭᠤᠯᠭ᠎ᠠ ᠶᠢᠨ ᠪᠣᠭᠤᠮᠢ ᠶᠢ ᠰᠢᠢᠳᠪᠦᠷᠢᠯᠡᠵᠥ᠂ ᠪᠠᠩᠬᠢ ᠭᠠᠶᠢᠯᠢ ᠶᠢᠨ ᠬᠠᠷᠢᠯᠴᠠᠨ ᠬᠥᠳᠡᠯᠦᠯᠴᠡᠬᠦ ᠲᠠᠪᠴᠠᠩ ᠢᠶᠠᠷ ᠳᠠᠮᠵᠢᠭᠤᠯᠤᠨ 9 ᠡᠷᠦᠬᠡ ᠭᠠᠶᠢᠯᠢ ᠲᠤᠰᠢᠶᠠᠭᠴᠢ ᠳᠤ 539.8 ᠲᠦᠮᠡᠨ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠶᠢᠨ ᠮᠦᠩᠬᠦ ᠬᠠᠩᠭᠠᠪᠠ᠃
税务局聚焦.jpg   ᠨᠠᠮ ᠤᠨ ᠪᠠᠶᠢᠭᠤᠯᠤᠯᠲᠠ ᠶᠢᠨ ᠨᠡᠷᠡᠲᠦ ᠲᠡᠮᠳᠡᠭᠳᠦ ᠶᠢ ᠡᠬᠦᠳᠪᠡ᠃  ᠨᠠᠮ ᠤᠨ ᠪᠠᠶᠢᠭᠤᠯᠤᠯᠲᠠ ᠶᠢᠨ ᠨᠠᠷᠠᠲᠤ
ᠲᠡᠮᠳᠡᠭ ᠢᠶᠠᠷ ᠵᠢᠯᠣᠭᠤᠳᠣᠯᠭ᠎ᠠ ᠪᠣᠯᠭᠠᠵᠤ᠂ ︽1 + N  ᠦᠢᠯᠡᠴᠢᠯᠡᠬᠡᠨ ᠤ ᠬᠤᠰᠢᠭᠤᠴᠢ︾ ︽ᠴᠢᠩ ᠰᠡᠳᠬᠢᠯ ᠠᠴᠠ ᠪᠠᠨ ᠭᠠᠶᠢᠯᠢ ᠲᠤᠰᠢᠶᠠᠬᠤ︾᠂ ︽ᠭᠠᠶᠢᠯᠢ ᠶᠢᠨ ᠶᠠᠪᠤᠳᠠᠯ ᠢ ᠰᠢᠯᠢᠳᠡᠭ ᠡᠷᠭᠢᠯᠡᠬᠦ︾ ᠵᠡᠷᠭᠡ ᠨᠠᠮ ᠤᠨ ᠡᠭᠦᠷ ᠤᠨ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠵᠤ᠂ ᠭᠠᠶᠢᠯᠢ ᠶᠢᠨ ᠬᠠᠤᠯᠢ ᠶᠢᠨ ᠤᠬᠠᠭᠤᠯᠭ᠎ᠠ᠂ ᠡᠷᠬᠢᠨ ᠦᠵᠡᠵᠦ ᠲᠣᠬᠤᠨᠢᠭᠤᠯᠬᠤ᠂ ᠪᠠᠯᠠ ᠮᠥᠩᠭᠦ ᠬᠠᠨᠳᠢᠪᠯᠠᠨ ᠰᠤᠷᠤᠯᠭ᠎ᠠ ᠶᠢ ᠲᠡᠳᠬᠦᠬᠦ ᠵᠡᠷᠭᠡ ᠠᠵᠢᠯᠯᠠᠭ᠎ᠠ ᠶᠢ 22 ᠤᠳᠠᠭ᠎ᠠ ᠥᠷᠨᠢᠭᠦᠯᠪᠡ᠃  ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠰᠢᠯᠢᠳᠡᠭᠵᠢᠬᠦᠯᠪᠡ᠃ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠨᠠᠮ ᠤᠨ ᠡᠭᠦᠷ ᠤᠨ ᠱᠦᠵᠢ ︽   ᠨᠡᠷᠡᠳᠦ ᠲᠡᠮᠳᠡᠭᠳᠦ ᠶᠢᠨ ᠬᠠᠮᠢᠶᠠᠷᠤᠭᠴᠢ︾᠂ ᠳᠡᠳ᠋ ᠰᠠᠯᠠᠭᠠᠨ ᠳᠡᠰ ᠤᠨ ᠺᠠᠳ᠋ᠷ ᠵᠢᠴᠢ ᠲᠤᠬᠠᠶᠢᠯᠠᠭᠰᠠᠨ ᠠᠵᠢᠯ ᠤᠨ ᠲᠠᠰᠤᠭ ᠤᠨ ᠬᠠᠷᠢᠭᠤᠴᠠᠯᠭᠠᠲᠠᠨ ︽ᠠᠵᠤ ᠠᠬᠤᠶᠢᠯᠠᠯ ᠤᠨ ᠨᠠᠷᠢᠨ ᠪᠢᠴᠢᠭᠡᠴᠢ︾ ᠶᠢᠨ ᠲᠤᠰᠢᠶᠠᠯ ᠢ ᠡᠭᠦᠷᠭᠡᠯᠡᠵᠦ᠂ ᠱᠠᠲᠤ ᠱᠠᠲᠤ ᠪᠠᠷ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠬᠠᠷᠢᠶ᠎ᠠ ᠣᠷᠣᠨ ᠤ ᠳᠣᠲᠣᠷᠠᠬᠢ 2 ~ 4 ᠠᠵᠤ ᠠᠬᠤᠶᠢᠯᠠᠯ ᠲᠠᠢ ᠬᠠᠷᠢᠯᠴᠠᠬᠤ ᠶᠢ ᠳᠠᠭᠠᠭᠠᠴᠢᠯᠠᠵᠤ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠪᠠ ᠲᠤᠬᠠᠶᠢᠯᠠᠭᠰᠠᠨ ᠠᠵᠢᠯ ᠤᠨ ᠬᠠᠪᠰᠤᠷᠤᠨ ᠵᠢᠯᠣᠭᠤᠳᠣᠯᠭ᠎ᠠ ᠬᠠᠩᠭᠠᠪᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号