ᠪᠠᠭᠠᠳᠠᠯ᠎ᠠ ᠰᠤᠮᠤ ᠶᠢᠨ ᠰᠢᠨ᠎ᠡ ᠶᠢ ᠡᠭᠦᠳᠬᠦ ᠨᠡᠶᠢᠭᠡᠮᠴᠢᠯᠡᠭᠰᠡᠨ ᠦᠢᠯᠡᠴᠢᠯᠡᠭᠡ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/6/25
   ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠬᠦᠰᠡᠯ ᠡᠷᠡᠮᠡᠯᠵᠡᠯ ᠲᠠᠢ 7 ᠭᠠᠴᠠᠭ᠎ᠠ ᠶᠢ ᠡᠮᠬᠢᠯᠡᠨ ᠨᠡᠶᠢᠯᠡᠭᠦᠯᠵᠦ ᠬᠤᠯᠪᠣᠭᠠᠲᠤ ᠬᠤᠷᠰᠢᠶ᠎ᠠ  ᠪᠠᠶᠢᠭᠤᠯᠵᠥ᠂ ᠨᠠᠮ ᠤᠨ ᠡᠭᠦᠷ ᠨᠢ ᠬᠤᠯᠪᠣᠭᠠᠲᠤ ᠬᠤᠷᠰᠢᠶ᠎ᠠ ᠶᠢᠨ ᠺᠠᠳ᠋ᠷ᠂ ᠨᠠᠮ ᠤᠨ ᠭᠡᠰᠢᠭᠦᠨ ᠣᠯᠠᠨ ᠲᠦᠮᠡᠨ ᠢ ᠳᠠᠭᠠᠭᠤᠯᠤᠨ ᠬᠢᠬᠦ ᠵᠠᠭᠪᠤᠷ ᠢᠶᠠᠷ ᠲᠠᠷᠢᠶᠠᠨ ᠭᠠᠵᠠᠷ ᠲᠤ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ᠨᠢᠭᠡᠳᠦᠯᠲᠡᠶ ᠲᠠᠷᠢᠵᠤ᠂ ᠬᠠᠮᠢᠶᠠᠷᠴᠤ᠂ ᠬᠤᠷᠢᠶᠠᠵᠤ᠂ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠬᠦᠯᠪᠡ᠃ ᠨᠡᠢᠭᠡᠮ ᠪᠠ ᠠᠵᠤ ᠠᠬᠤᠢᠯᠠᠯ ᠬᠤᠷᠰᠢᠵᠥ ᠂ ᠦᠢᠯᠡᠴᠢᠯᠡᠭᠡᠨ ᠤ ᠦᠷ᠎ᠡ ᠪᠦᠲᠦᠮᠵᠢ ᠶᠢ  ᠪᠠᠳᠤᠯᠠᠪᠠ ᠃ ᠬᠤᠯᠪᠣᠭᠠᠲᠤ ᠬᠤᠷᠰᠢᠶ᠎ᠠ ᠪᠠᠷ ᠰᠠᠭᠤᠷᠢ ᠪᠣᠯᠭᠠᠭᠰᠠᠨ᠂ ᠲᠤᠰᠬᠠᠶ ᠠᠵᠢᠯ ᠤᠨ ᠺᠣᠮᠫᠠᠨᠢ ᠪᠠᠷ ᠭᠤᠤᠯᠯᠠᠭᠴᠢ ᠪᠣᠯᠭᠠᠭᠰᠠᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ᠰᠢᠨ᠎ᠡ ᠲᠣᠨᠣᠭᠯᠠᠯ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠣᠷᠣᠭᠤᠯᠤᠨ ᠠᠪᠴᠢᠷᠠᠵᠤ᠂ ᠠᠮᠤ ᠪᠤᠳᠠᠭᠠᠨ ᠤ ᠤᠨᠠᠯᠲᠠ ᠶᠢ ᠦᠨᠡᠨ ᠬᠦ  ᠨᠡᠮᠡᠭᠳᠡᠬᠦᠯᠪᠡ ᠃ ᠠᠰᠢᠭ ᠲᠤᠰᠠ ᠶᠢ ᠬᠤᠯᠪᠣᠭᠠᠯᠠᠬᠤ ᠦᠢᠯᠡᠴᠢᠯᠡᠭᠡᠨ ᠤ ᠦᠢᠯᠡᠳᠦᠯ ᠢ ᠶᠡᠬᠡᠰᠭᠡᠪᠡ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠳᠠᠪᠠᠭᠤᠯᠢᠭ ᠪᠠ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠪᠠᠳᠠᠷᠠᠭᠤᠯᠵᠤ᠂ ᠪᠥᠬᠦ ᠶᠠᠪᠤᠴᠠ ᠶᠢ ᠨᠠᠶᠢᠳᠠᠨ ᠬᠠᠮᠢᠶᠠᠷᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠵᠠᠷ ᠰᠢᠷᠣᠶ ᠶᠢ ᠡᠮᠬᠢᠯᠡᠨ ᠨᠡᠶᠢᠯᠡᠭᠦᠯᠬᠦ ᠠᠵᠢᠯ ᠢ ᠰᠠᠶᠢᠲᠤᠷ ᠬᠢᠵᠦ᠂ ︽ᠲᠣᠰᠬᠤᠨ ᠨᠡᠶᠢᠭᠡᠮ ᠲᠠᠷᠢᠶᠠᠴᠢᠳ ᠢ ᠨᠢᠭᠡ ᠴᠤᠭᠴᠠᠵᠢᠭᠤᠯᠬᠤ︾ ᠰᠢᠨ᠎ᠡ ᠬᠡᠯᠪᠡᠷᠢ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ  ᠪᠠᠶᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号