ᠰᠢᠶᠧ ᠴᠦᠨ ᠾᠧ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠲᠣᠬᠢᠷᠠᠭᠤᠯᠪᠠ
ᠨᠡᠶᠢᠲᠡᠯᠡᠭᠰᠡᠨ ᠴᠠᠭ᠄
2024/6/26
    6 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠱᠦᠵᠢ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠣᠨ ᠤ ᠡᠭᠦᠷᠭᠡ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠯᠢᠦ ᠸᠧᠨ ᠰᠢ᠂ ᠯᠢᠦ ᠶᠢᠨ ᠱᠧᠩ᠂ ᠲᠦᠩ ᠭᠦᠸᠧ ᠪᠢᠶᠣᠤ᠂ ᠸᠠᠩ ᠶᠢᠨ ᠴᠢᠶᠠᠩ᠂ ᠱᠤᠸᠠᠩ ᠵᠤ᠋᠂ ᠬᠠᠨ ᠵᠢᠩ ᠬᠤᠸᠠ ᠬᠤᠷᠠᠯ ᠳᠤ ᠣᠷᠣᠯᠴᠠᠪᠠ᠃    ᠰᠢᠶᠧ ᠴᠦᠨ ᠾᠧ ᠴᠢᠬᠤᠯᠠᠴᠢᠯᠠᠭᠰᠠᠨ ᠨᠢ᠂ ᠬᠤᠷᠢᠭ᠎ᠠ ᠱᠤᠭᠤᠮ ᠢ ᠰᠠᠬᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠵᠤ᠂ ᠪᠦᠬᠦ ᠬᠦᠴᠦᠨ ᠢᠶᠠᠷ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠣᠨ ᠤ ᠭᠦᠢᠴᠡᠳᠬᠡᠬᠦ ᠲᠤᠭ᠎ᠠ ᠶᠢᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠭᠢᠯᠠᠰ ᠴᠡᠭ ᠢ ᠡᠭᠦᠳᠴᠦ᠂ ᠡᠩ ᠤᠨ ᠠᠵᠢᠯ ᠤᠨ ᠲᠠᠯ᠎ᠠ ᠪᠠᠷ ᠵᠢᠷᠤᠮᠵᠢᠯ ᠢ ᠴᠢᠬᠤᠯᠠᠴᠢᠯᠠᠨ᠂ ᠳᠡᠭᠡᠭᠰᠢᠯᠡᠯᠲᠡ ᠶᠢ ᠠᠬᠢᠭᠤᠯᠵᠤ᠂ ᠭᠤᠣᠯᠳᠠᠯᠭ᠎ᠠ ᠲᠠᠢ ᠡᠭᠦᠷᠭᠡ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠠᠳᠬᠤᠵᠤ᠂ ᠰᠢᠪᠲᠤᠯᠤᠯᠲᠠ ᠶᠢ ᠡᠷᠢᠯᠬᠢᠯᠡᠵᠦ᠂ ᠪᠦᠬᠦ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠦᠷᠭᠦᠯᠵᠢᠯᠡᠨ ᠰᠢᠯᠢᠳᠡᠭᠵᠢᠬᠦ ᠶᠢ ᠠᠬᠢᠭᠤᠯᠬᠤ ᠬᠡᠷᠡᠭᠲᠡᠢ᠃ ᠴᠢᠬᠤᠯᠠᠴᠢᠯᠠᠨ ᠬᠠᠮᠵᠢᠯᠴᠠᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠣᠢ ᠪᠣᠯᠭᠠᠵᠤ᠂ ᠠᠯᠬᠤᠮ ᠢᠶᠠᠨ ᠨᠢᠭᠡᠳᠬᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠡᠭᠦᠷᠭᠡ ᠪᠠᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠦᠯᠵᠦ᠂ ᠪᠦᠬᠦ ᠲᠣᠭᠤᠷᠢᠭ ᠤᠨ ︽ᠨᠢᠭᠡᠳᠦᠭᠡᠷ ᠵᠢᠭᠰᠠᠭᠠᠯ ᠤᠨ ᠭᠠᠵᠠᠷ︾ ᠢ ᠡᠷᠡᠰ ᠪᠠᠲᠤ ᠰᠠᠬᠢᠬᠤ ᠬᠡᠷᠡᠭᠲᠡᠢ ᠭᠡᠵᠡᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号