ᠦᠰᠦᠭ ᠪᠢᠴᠢᠭ ᠤᠨ ᠲᠠᠶᠢᠯᠤᠮᠵᠢ᠄ ᠥᠪᠥᠷ ᠮᠣᠩᠭᠤᠯ ᠤᠨ ᠰᠤᠷᠤᠭᠴᠢᠳ ᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ︵ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠡᠳ᠋ ᠮᠦᠩᠭᠦᠨ ᠤ ᠲᠤᠰᠠᠯᠠᠮᠵᠢ︶
ᠨᠡᠶᠢᠲᠡᠯᠡᠭᠰᠡᠨ ᠴᠠᠭ᠄
2024/6/26
     ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠡᠳ᠋ ᠮᠦᠩᠭᠦᠨ ᠤ ᠲᠤᠰᠠᠯᠠᠮᠵᠢ     ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠲᠡᠳᠭᠦᠮᠵᠢ ︵ᠠᠰᠠᠷᠠᠨ ᠬᠦᠮᠦᠵᠢᠭᠦᠯᠬᠦ ᠵᠠᠷᠤᠳᠠᠯ ᠢ ᠬᠠᠰᠤᠵᠤ ᠬᠡᠯᠲᠦᠷᠢᠭᠦᠯᠬᠦ︶    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠵᠦ ᠪᠠᠶᠢᠭᠤᠯᠤᠭᠰᠠᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ︵ᠬᠡᠤᠬᠡᠳ ᠰᠠᠭᠠᠲᠠᠭᠤᠯᠬᠤ ᠭᠠᠵᠠᠷ᠂ ᠦᠷ᠎ᠡ ᠬᠡᠤᠬᠡᠳ ᠤᠨ ᠴᠡᠴᠡᠷᠯᠢᠭ ᠵᠡᠷᠭᠡ ᠠᠩᠬᠠᠨ ᠤ ᠰᠤᠷᠭᠠᠨ ᠬᠥᠮᠦᠵᠢᠯ ᠤᠨ ᠪᠠᠶᠢᠭᠤᠯᠤᠮᠵᠢ ᠶᠢ ᠪᠠᠭᠲᠠᠭᠠᠬᠤ ᠥᠬᠡᠶ︶ ᠲᠤ ᠰᠤᠷᠤᠯᠴᠠᠵᠤ ᠪᠠᠶᠢᠭ᠎ᠠ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠬᠡᠤᠬᠡᠳ᠃    ᠪᠠᠷᠢᠮᠵᠢᠶ᠎ᠠ᠄ A ᠲᠥᠷᠥᠯ ᠤᠨ ᠭᠡᠷ ᠪᠦᠯᠢ ᠶᠢᠨ ᠠᠵᠤ ᠠᠬᠤᠶ ᠨᠢ ᠴᠡᠴᠡᠷᠯᠢᠭ ᠤᠨ ᠬᠡᠤᠬᠡᠳ ᠪᠦᠷᠢ ᠵᠢᠯ ᠳᠤ 2000 ᠲᠥᠭᠦᠷᠢᠭ︔ BC ᠶᠢᠨ ᠲᠥᠷᠥᠯ ᠤᠨ ᠭᠡᠷ ᠪᠦᠯᠢ ᠶᠢᠨ ᠠᠵᠤ ᠠᠬᠤᠶ ᠨᠢ ᠴᠡᠴᠡᠷᠯᠢᠭ ᠲᠤ ᠪᠠᠶᠢᠭ᠎ᠠ ᠬᠡᠦᠬᠡᠳ ᠪᠦᠷᠢ ᠵᠢᠯ ᠳᠤ 1000 ᠲᠥᠭᠦᠷᠢᠭ ᠪᠣᠯᠤᠨ᠎ᠠ᠃      ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠤᠰᠠᠯᠠᠮᠵᠢ    ᠠᠯᠪᠠᠨ ᠵᠢᠷᠤᠮ ᠤᠨ ᠰᠤᠷᠭᠠᠨ ᠬᠦᠮᠦᠵᠢᠯ ᠳᠤ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ᠂ ᠬᠢᠴᠢᠶᠡᠯ ᠤᠨ ᠪᠢᠴᠢᠭ ᠢ ᠬᠡᠯᠲᠦᠷᠢᠭᠦᠯᠬᠦ     ᠡᠳᠡᠭᠡᠳ᠄ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ᠰᠤᠷᠭᠠᠭᠤᠯᠢ ᠳᠤ ᠪᠠᠶᠢᠭ᠎ᠠ ᠪᠦᠬᠦ ᠰᠤᠷᠤᠭᠴᠢ᠃        ᠪᠠᠶᠢᠷᠢ ᠳᠤ ᠰᠠᠭᠤᠭ᠎ᠠ ᠰᠤᠷᠤᠭᠴᠢ ᠶᠢᠨ ᠬᠤᠨᠤᠭ ᠤᠨ ᠨᠦᠬᠦᠪᠦᠷᠢ     ᠡᠳᠡᠭᠡᠳ᠄ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ᠰᠤᠷᠭᠠᠭᠤᠯᠢ ᠳᠤ ᠪᠠᠶᠢᠭ᠎ᠠ ᠪᠦᠬᠦ ᠪᠠᠶᠢᠷᠢ ᠳᠤ ᠪᠠᠶᠢᠭ᠎ᠠ ᠰᠤᠷᠤᠭᠴᠢ᠃     ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠠᠮᠢᠳᠤᠷᠠᠯ ᠤᠨ ᠵᠠᠷᠤᠳᠠᠯ ᠤᠨ ᠨᠥᠬᠦᠪᠥᠷᠢ    ᠪᠠᠶᠢᠷᠢ ᠳᠤ ᠰᠠᠭᠤᠬᠤ ᠰᠤᠷᠤᠭᠴᠢᠳ ᠤᠨ ᠠᠮᠢᠳᠤᠷᠠᠯ ᠤᠨ ᠰᠦᠢᠳᠬᠡᠯ ᠤᠨ ᠲᠤᠰᠠᠯᠠᠮᠵᠢ ᠪᠠ ᠪᠠᠶᠢᠷᠢ ᠳᠤ ᠰᠠᠭᠤᠬᠤ ᠪᠤᠰᠤ ᠰᠤᠷᠤᠭᠴᠢᠳ ᠤᠨ ᠠᠮᠢᠳᠤᠷᠠᠯ ᠤᠨ ᠰᠦᠢᠳᠬᠡᠯ ᠤᠨ ᠲᠤᠰᠠᠯᠠᠮᠵᠢ ᠭᠡᠵᠦ ᠬᠤᠪᠢᠶᠠᠨ᠎ᠠ᠃    ᠪᠠᠶᠢᠷᠢ ᠳᠤ ᠰᠠᠭᠤᠬᠤ ᠰᠤᠷᠤᠭᠴᠢᠳ ᠤᠨ ᠠᠮᠢᠳᠤᠷᠠᠯ ᠤᠨ ᠰᠦᠢᠳᠬᠡᠯ ᠤᠨ ᠨᠥᠬᠦᠪᠥᠷᠢ ᠣᠯᠭᠤᠬᠤ ᠡᠲᠡᠭᠡᠳ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦ᠊ ᠡᠶ᠎ᠡ ᠶᠢᠨ ᠰᠤᠷᠭᠠᠭᠤᠯᠢ ᠨᠢ ᠰᠤᠷᠭᠠᠭᠤᠯᠢ ᠳᠤ ᠪᠠᠶᠢᠭ᠎ᠠ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠪᠠᠶᠢᠷᠢ ᠳᠤ ᠰᠠᠭᠤᠬᠤ ᠰᠤᠷᠤᠭᠴᠢᠳ᠃    ᠪᠠᠷᠢᠮᠵᠢᠶ᠎ᠠ᠄ ᠪᠠᠭ᠎ᠠ ᠰᠤᠷᠭᠠᠭᠤᠯᠢ ᠶᠢᠨ ᠰᠤᠷᠤᠭᠴᠢ ᠪᠦᠷᠢ ᠵᠢᠯ ᠪᠦᠷᠢ 1250 ᠳᠦᠬᠦᠷᠢᠭ᠂ ᠠᠩᠬ᠎ᠠ ᠵᠡᠷᠬᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠪᠦᠷᠢ ᠵᠢᠯ ᠳᠤ 1500 ᠳᠦᠬᠦᠷᠢᠭ    ᠪᠠᠶᠢᠷᠢ ᠳᠤ ᠰᠠᠭᠤᠬᠤ ᠪᠤᠰᠤ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠨᠥᠬᠦᠪᠥᠷᠢ ᠬᠦᠷᠲᠡᠬᠦ ᠡᠲᠡᠭᠡᠳ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠶᠢᠨ ᠬᠠᠷᠢᠶ᠎ᠠ ᠪᠠᠨ ᠰᠤᠷᠭᠠᠭᠤᠯᠢ ᠳᠤ ᠪᠠᠶᠢᠭ᠎ᠠ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠢᠷᠢ ᠳᠤ ᠰᠠᠭᠤᠭ᠎ᠠ ᠰᠤᠷᠤᠭᠴᠢ᠃    ᠪᠠᠷᠢᠮᠵᠢᠶ᠎ᠠ᠄ ᠪᠠᠭ᠎ᠠ ᠰᠤᠷᠭᠠᠭᠤᠯᠢ ᠶᠢᠨ ᠰᠤᠷᠤᠭᠴᠢ ᠨᠢᠭᠡᠪᠦᠷᠢ ᠵᠢᠯ ᠪᠦᠷᠢ 625 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠪᠦᠷᠢ ᠵᠢᠯ ᠳᠤ 750 ᠲᠥᠭᠦᠷᠢᠭ ᠪᠣᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号