ᠦᠳᠡᠰᠢ ᠨᠦᠢᠷ ᠬᠤᠯᠵᠢᠪᠠᠯ ᠪᠡᠶ᠎ᠡ ᠮᠠᠭᠤᠳᠠᠬᠤ ᠨᠢ ᠮᠡᠳᠡᠭᠡᠵᠢ᠃ ᠨᠦᠢᠷ ᠬᠤᠯᠵᠢᠵᠤ ᠪᠡᠶ᠎ᠡ ᠮᠠᠭᠤᠳᠠᠪᠠᠯ | ᠬᠦᠳᠡᠯᠬᠡᠬᠡᠨ ᠢᠶᠠᠷ ᠨᠦᠬᠦᠪᠤᠷᠢᠯᠡᠵᠤ ᠪᠤᠯᠤᠨ᠎ᠠ᠂ ᠪᠡᠶ᠎ᠡ ᠶᠢᠨ ᠳᠠᠮᠢᠷ ᠤᠨ ᠪᠤᠯᠪᠠᠰᠤᠷᠠᠯ ᠬᠦᠷᠦᠯᠴᠡᠬᠦ᠋ᠢᠴᠡ ᠪᠠᠶᠢᠪᠠᠯ | ᠨᠦᠢᠷ ᠬᠤᠯᠵᠢᠬᠤ ᠠᠴᠠ ᠪᠤᠯᠤᠭᠰᠠᠨ ᠡᠷᠡᠬᠦᠯ ᠮᠡᠨᠳᠤ ᠶᠢᠨ ᠳᠦᠭᠰᠢᠬᠦᠷᠢ ᠶᠢ ᠪᠠᠭᠠᠰᠬᠠᠵᠤ ᠪᠤᠯᠳᠠᠭ | ᠭᠡᠳᠡᠭ ᠢ ᠰᠤᠳᠤᠯᠭᠠᠨ ᠢᠶᠠᠷ ᠢᠯᠡᠷᠡᠬᠦᠯᠪᠡ᠃ | ᠠᠩᠭ᠍ᠯᠢ ᠶᠢᠨ ᠠᠮᠢᠳᠤ ᠪᠤᠳᠠᠰ ᠤᠨ ᠬᠦᠮᠦᠷᠭᠡ ᠶᠢᠨ ᠰᠤᠳᠤᠯᠭᠠᠨ ᠠᠴᠠ 380055 ᠢᠳᠡᠷ ᠨᠠᠰᠤᠨ ᠤ | ᠬᠦᠮᠦᠰ ᠲᠤ ᠦᠷᠭᠡᠨ ᠬᠡᠪᠴᠢᠶ᠎ᠠ ᠲᠠᠢ ᠰᠤᠳᠤᠯᠭᠠᠨ ᠬᠢᠭᠰᠡᠨ ᠳ᠋ᠦᠩ ᠳᠤ᠂ ᠴᠤᠭ ᠵᠢᠪᠬᠤᠭ᠎ᠠ ᠲᠠᠢ ᠮᠦᠷᠳᠡᠭᠡᠨ ᠡᠷᠡᠬᠦᠯ | ᠮᠡᠨᠳᠤ ᠪᠠᠨ ᠪᠠᠳᠤᠯᠠᠬᠤ ᠨᠢ ᠨᠦᠢᠷ ᠬᠤᠯᠵᠢᠬᠤ ᠵᠡᠷᠭᠡ ᠨᠦᠢᠷ ᠳᠤᠳᠠᠭᠤᠳᠠᠬᠤ ᠠᠴᠠ ᠪᠤᠯᠤᠭᠰᠠᠨ ᠪᠡᠶ᠎ᠡ ᠮᠠᠭᠤᠳᠠᠬᠤ | ᠪᠠᠶᠢᠳᠠᠯ ᠢ ᠪᠦᠳᠦᠮᠵᠢᠳᠠᠢ ᠰᠡᠷᠬᠡᠶᠢᠯᠡᠵᠤ ᠴᠢᠳᠠᠨ᠎ᠠ ᠭᠡᠰᠡᠨ ᠢ ᠨᠤᠳᠠᠯᠠᠪᠠ᠃ ᠪᠢᠳᠠᠨ ᠤ ᠮᠡᠳᠡᠭᠡᠵᠢ ᠪᠠᠷ᠂ ᠡᠷᠡᠬᠦᠯ | ᠰᠠᠶᠢᠬᠠᠨ ᠠᠮᠢᠳᠤᠷᠠᠯ ᠳᠤ ᠶᠡᠭᠡ ᠬᠡᠮᠵᠢᠶᠡᠨ ᠤ ᠪᠡᠶ᠎ᠡ ᠶᠢᠨ ᠳᠠᠮᠢᠷ ᠤᠨ ᠪᠤᠯᠪᠠᠰᠤᠷᠠᠯ ᠴᠢᠬᠤᠯᠠᠳᠠᠢ ᠮᠦᠷᠳᠡᠭᠡᠨ | ᠬᠠᠩᠭᠠᠯᠳᠠᠳᠠᠢ ᠰᠠᠶᠢᠨ ᠨᠦᠢᠷ ᠱᠠᠭᠠᠷᠳᠠᠭᠳᠠᠳᠠᠭ᠃ ᠰᠢᠨ᠎ᠡ ᠰᠤᠳᠤᠯᠭᠠᠨ ᠢᠶᠠᠷ ᠢᠯᠡᠷᠡᠬᠦᠯᠦᠭᠰᠡᠨ ᠨᠢ᠂ | ᠬᠦᠷᠦᠯᠴᠡᠬᠦ᠋ᠢᠴᠡ ᠪᠡᠶ᠎ᠡ ᠶᠢᠨ ᠳᠠᠮᠢᠷ ᠤᠨ ᠪᠤᠯᠪᠠᠰᠤᠷᠠᠯ ᠢᠶᠠᠷ ᠳᠤᠳᠠᠭᠤᠳᠠᠯ ᠨᠦᠢᠷ ᠢᠶᠠᠨ ᠨᠦᠬᠦᠪᠤᠷᠢᠯᠡᠵᠤ ᠪᠡᠶ᠎ᠡ ᠳᠡᠭᠡᠨ | ᠡᠷᠴᠢ ᠬᠦᠴᠦᠨ ᠨᠡᠮᠡᠷᠢᠯᠡᠵᠤ ᠪᠤᠯᠳᠠᠭ ᠭᠡᠵᠤ ᠪᠠᠶᠢᠨ᠎ᠠ᠃ ᠬᠦᠳᠡᠯᠬᠡᠬᠡᠨ ᠬᠢᠬᠦ ᠪᠠ ᠤᠨᠳᠠᠬᠤ ᠨᠢ ᠡᠷᠡᠬᠦᠯ ᠮᠡᠨᠳᠤ ᠳᠤ | ᠠᠰᠢᠭᠳᠠᠢ ᠡᠰᠡᠬᠦ ᠦᠵᠡᠯᠳᠡ ᠶᠢᠨ ᠲᠤᠬᠠᠢ ᠡᠨᠡ ᠰᠤᠳᠤᠯᠭᠠᠨ ᠤ ᠢᠯᠡᠷᠡᠬᠦᠯᠦᠭᠰᠡᠨ ᠤᠨᠴᠠᠭᠠᠢ ᠲᠠᠯ᠎ᠠ ᠨᠢ ᠬᠡᠪᠡᠯ | ᠬᠦᠳᠡᠯᠬᠡᠬᠡᠨ ᠪᠠ ᠤᠨᠳᠠᠬᠤ ᠶᠢᠨ ᠡᠷᠡᠬᠦᠯ ᠮᠡᠨᠳᠤ ᠶᠢᠨ ᠬᠤᠭᠤᠷᠤᠨᠳᠤᠬᠢ ᠠᠰᠢᠭᠳᠠᠢ ᠬᠠᠷᠢᠴᠠᠭ᠎ᠠ ᠶᠢ ᠬᠠᠷᠠᠭᠤᠯᠤᠭᠰᠠᠨ | ᠮᠦᠷᠳᠡᠭᠡᠨ ᠡᠮᠴᠢ ᠨᠠᠷ ᠲᠤ ᠡᠪᠡᠳᠴᠢᠳᠡᠨ ᠤ ᠨᠦᠢᠷ ᠤᠨ ᠠᠰᠠᠭᠤᠳᠠᠯ ᠢ ᠡᠮᠨᠡᠨ ᠵᠠᠰᠠᠬᠤ ᠦᠬᠡᠷ᠎ᠡ ᠨᠢᠭᠡ ᠵᠦᠢᠯ ᠤᠨ | ᠠᠷᠭ᠎ᠠ ᠬᠡᠯᠪᠡᠷᠢ ᠶᠢ ᠬᠠᠩᠭᠠᠭᠰᠠᠨ ᠪᠠᠶᠢᠨ᠎ᠠ᠃ | ᠠᠦ᠋ᠰᠳ᠋ᠷᠠᠯᠢᠶ᠎ᠠ ᠶᠢᠨ ᠰᠢᠨ᠎ᠡ ᠳ᠋ᠧᠯᠢ ᠶᠡᠭᠡ ᠰᠤᠷᠭᠠᠭᠤᠯᠢ ᠶᠢᠨ ᠬᠠᠯᠳᠠᠪᠤᠷᠢᠳᠤ ᠡᠪᠡᠳᠴᠢᠨ ᠤ ᠤᠨᠤᠯ ᠤᠨ | ᠤᠬᠠᠭᠠᠨᠳᠠᠨ Bo-Hueihuang ᠬᠡᠯᠡᠬᠦ ᠳᠡᠭᠡᠨ᠄ ︽ᠪᠢᠳᠠᠨ ᠤ ᠢᠯᠡᠷᠡᠬᠦᠯᠦᠭᠰᠡᠨ ᠢᠶᠠᠷ᠂ ᠨᠦᠢᠷ ᠬᠤᠯᠵᠢᠬᠤ᠂ | ᠬᠦᠳᠡᠯᠬᠡᠬᠡᠨ ᠪᠠᠭᠠᠳᠠᠢ ᠬᠦᠮᠦᠰ ᠲᠤ ᠵᠢᠷᠦᠬᠡᠨ ᠡᠪᠡᠳᠴᠢᠨ᠂ ᠰᠠ ᠡᠪᠡᠳᠴᠢᠨ ᠪᠠ ᠦᠮᠡᠨ ᠡᠪᠡᠳᠴᠢᠨ ᠳᠤᠰᠴᠤ | ᠨᠠᠰᠤ ᠪᠠᠷᠠᠬᠤ ᠠᠶᠤᠯ ᠳᠦᠭᠰᠢᠬᠦᠷᠢ ᠬᠠᠮᠤᠭ ᠤᠨ ᠶᠡᠭᠡ ᠪᠤᠢ᠃ ᠡᠨᠡ ᠬᠤᠶᠠᠷ ᠵᠦᠢᠯ ᠤᠨ ᠦᠢᠯᠡ ᠠᠵᠢᠯᠯᠠᠭᠠᠨ ᠤ | ᠬᠤᠭᠤᠷᠣᠨᠳᠣ ᠬᠠᠷᠢᠯᠴᠠᠨ ᠦᠢᠯᠡᠳᠦᠯᠴᠡᠬᠦ ᠬᠠᠷᠢᠴᠠᠭ᠎ᠠ ᠣᠷᠣᠰᠢᠵᠣ ᠪᠠᠶᠢᠬᠤ ᠶᠢ ᠰᠣᠳᠣᠯᠭᠠᠨ ᠤ ᠳ᠋ᠦᠩ ᠬᠠᠷᠠᠭᠤᠯᠣᠯ᠎ᠠ | ︾ ᠬᠡᠵᠦ ᠪᠠᠶᠢᠨ᠎ᠠ᠃ | ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠣᠯᠲᠠ ᠶᠢᠨ ᠰᠠᠨᠠᠭᠠᠴᠢᠯᠠᠭᠰᠠᠨ ᠪᠡᠶ᠎ᠡ ᠶᠢᠨ ᠲᠠᠮᠢᠷ ᠤᠨ | ᠭᠦᠳᠡᠯᠭᠡᠭᠡᠨ ᠪᠤᠯ ᠭᠠᠷᠠᠭ ᠪᠦᠷᠢ 150 ᠮᠢᠨᠦ᠋ᠲ ᠤᠨ ᠳᠣᠮᠳᠠᠴᠢ ᠬᠡᠮᠵᠢᠶᠡᠨ ᠤ ᠬᠦᠳᠡᠯᠭᠡᠭᠡᠨ ᠬᠢᠬᠦ ᠪᠤᠶᠤ ᠡᠰᠡᠭᠦᠯ᠎ᠡ | 75 ᠮᠢᠨᠦ᠋ᠲ ᠠᠴᠠ ᠳᠡᠭᠡᠭᠰᠢᠬᠢ ᠰᠢᠷᠦᠭᠦᠨ ᠬᠦᠳᠡᠯᠭᠡᠭᠡᠨ ᠬᠢᠬᠦ ᠬᠡᠷᠡᠭᠲᠡᠢ᠃ ᠰᠣᠳᠣᠯᠭᠠᠴᠢᠳ ᠨᠢᠭᠡᠨ | ᠰᠣᠳᠣᠯᠭᠠᠨ ᠳᠤ ᠬᠦᠮᠦᠰ ᠤᠨ ᠪᠡᠶ᠎ᠡ ᠶᠢᠨ ᠲᠠᠮᠢᠷ ᠤᠨ ᠬᠦᠳᠡᠯᠭᠡᠭᠡᠨ ᠬᠢᠭᠰᠡᠨ ᠦᠨᠳᠦᠷ ᠪᠤᠭᠤᠨᠢ ᠭᠤᠷᠪᠠᠨ ᠬᠢᠷᠢ | ᠬᠡᠮᠵᠢᠶ᠎ᠡ ᠪᠠᠷ ᠳᠣᠭᠤᠶᠢᠯᠠᠩ ᠬᠤᠪᠢᠶᠠᠵᠣ᠂ ᠳᠡᠳᠡᠭᠡᠷ ᠤᠨ ᠣᠨᠳᠠᠭᠰᠠᠨ ᠴᠠᠭ ᠤᠨ ᠬᠡᠮᠵᠢᠶ᠎ᠡ᠂ ᠣᠷᠣᠨ ᠳᠠᠭᠠᠨ | ᠬᠡᠪᠲᠡᠭᠰᠡᠨ ᠴᠠᠭ ᠪᠣᠯᠣᠨ ᠨᠦᠢᠷ ᠬᠤᠯᠵᠢᠭᠰᠠᠨ᠂ ᠬᠤᠷᠬᠢᠷᠠᠭᠰᠠᠨ ᠪᠠ ᠣᠨᠳᠠᠩᠬᠠᠢ ᠪᠠᠶᠢᠳᠠᠯ ᠢ ᠦᠨᠳᠦᠰᠦᠯᠡᠨ᠂ | ᠳᠡᠳᠡᠨ ᠤ ᠣᠨᠳᠠᠭᠰᠠᠨ ᠪᠠᠶᠢᠳᠠᠯ ᠳᠤ ᠬᠤᠪᠢ ︵ᠬᠠᠮᠤᠭ ᠤᠨ ᠪᠣᠭᠤᠨᠢ ᠨᠢ 0 ᠬᠤᠪᠢ᠂ ᠬᠠᠮᠤᠭ ᠤᠨ ᠦᠨᠳᠦᠷ | ᠬᠤᠪᠢ ᠨᠢ 5 ᠬᠤᠪᠢ︶ ᠣᠯᠭᠤᠵᠠᠢ᠃ | ᠰᠣᠳᠣᠯᠭᠠᠨ ᠤ ᠳ᠋ᠦᠩ ᠳᠤ᠂ ᠨᠦᠢᠷ ᠬᠤᠯᠵᠢᠳᠠᠭ ᠮᠦᠷᠲᠡᠭᠡᠨ ᠬᠦᠳᠡᠯᠭᠡᠭᠡᠨ ︵ᠳᠡᠯᠡᠬᠡᠢ ᠶᠢᠨ ᠡᠷᠡᠭᠦᠯ ᠮᠡᠨᠳᠦ ᠶᠢᠨ | ᠵᠣᠬᠢᠶᠠᠨ ᠪᠠᠶᠢᠭᠤᠯᠣᠯᠲᠠ ᠶᠢᠨ ᠰᠠᠨᠠᠭᠠᠴᠢᠯᠠᠭᠰᠠᠨ ᠪᠡᠶ᠎ᠡ ᠶᠢᠨ ᠲᠠᠮᠢᠷ ᠤᠨ ᠬᠦᠳᠡᠯᠭᠡᠭᠡᠨ︶ ᠪᠠᠭᠠᠲᠠᠢ ᠬᠦᠮᠦᠰ ᠬᠤᠣᠷᠲᠣ | ᠬᠠᠪᠣᠳᠠᠷ ᠢᠶᠠᠷ ᠨᠠᠰᠣ ᠪᠠᠷᠠᠬᠤ ᠪᠣᠶᠣ ᠵᠢᠷᠦᠬᠡᠨ ᠤ ᠡᠪᠡᠳᠴᠢᠨ ᠳᠤ ᠨᠡᠪᠲᠡᠷᠡᠬᠦ ᠬᠠᠮᠤᠭ ᠤᠨ ᠶᠡᠭᠡ ᠡᠷᠡᠰᠲᠡᠯ ᠲᠠᠢ | ᠪᠠᠶᠢᠵᠣ᠂ ᠨᠦᠢᠷ ᠮᠠᠭᠤᠲᠠᠢ ᠪᠣᠯᠪᠠᠴᠣ ᠪᠡᠶ᠎ᠡ ᠶᠢᠨ ᠲᠠᠮᠢᠷ ᠤᠨ ᠬᠦᠳᠡᠯᠭᠡᠭᠡᠨ ᠬᠦᠷᠦᠯᠴᠡᠬᠦ᠋ᠢᠴᠡ ᠬᠦᠮᠦᠰ ᠤᠨ | ᠬᠤᠣᠷᠲᠣ ᠬᠠᠪᠣᠳᠠᠷ ᠪᠣᠶᠣ ᠵᠢᠷᠦᠬᠡᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠨᠢ ᠨᠡᠯᠢᠶᠡᠳ ᠪᠠᠭ᠎ᠠ ᠪᠠᠶᠢᠵᠠᠢ᠃ | ᠡᠯ᠎ᠡ ᠲᠦᠷᠦᠯ ᠤᠨ ᠬᠤᠣᠷᠲᠣ ᠬᠠᠪᠣᠳᠠᠷ ᠡᠪᠡᠳᠴᠢᠨ ᠢᠶᠠᠷ ᠵᠢᠱᠢᠶᠠᠯᠡᠪᠡᠯ᠂ ᠨᠦᠢᠷ ᠮᠠᠭᠤᠲᠠᠢ᠂ ᠪᠡᠶ᠎ᠡ ᠶᠢᠨ ᠲᠠᠮᠢᠷ ᠤᠨ | ᠬᠦᠳᠡᠯᠭᠡᠭᠡᠨ ᠬᠠᠮᠤᠭ ᠤᠨ ᠪᠠᠭ᠎ᠠ ᠬᠦᠮᠦᠰ ᠤᠨ ᠬᠤᠣᠷᠲᠣ ᠬᠠᠪᠣᠳᠠᠷ ᠢᠶᠠᠷ ᠨᠠᠰᠣ ᠪᠠᠷᠠᠬᠤ ᠠᠶᠣᠯ ᠲᠦᠭᠰᠢᠭᠦᠷᠢ ᠨᠢ | ᠨᠦᠢᠷ ᠰᠠᠶᠢᠲᠠᠢ ᠮᠦᠷᠲᠡᠭᠡᠨ ᠪᠡᠶ᠎ᠡ ᠶᠢᠨ ᠲᠠᠮᠢᠷ ᠤᠨ ᠬᠦᠳᠡᠯᠭᠡᠭᠡᠨ ᠬᠢᠳᠡᠭ ᠬᠦᠮᠦᠰ ᠠᠴᠠ 45% ᠶᠢᠨ ᠬᠤᠪᠢ ᠪᠠᠷ | ᠶᠡᠭᠡ ᠪᠠᠶᠢᠪᠠ᠃ ᠬᠡᠳᠡᠯ᠎ᠡ ᠨᠦᠢᠷ ᠮᠠᠭᠤᠲᠠᠢ ᠪᠣᠯᠪᠠᠴᠣ ᠬᠦᠷᠦᠯᠴᠡᠬᠦ᠋ᠢᠴᠡ ᠪᠡᠶ᠎ᠡ ᠶᠢᠨ ᠲᠠᠮᠢᠷ ᠤᠨ ᠪᠤᠯᠪᠠᠰᠣᠷᠠᠯ ᠬᠢᠳᠡᠭ | ᠬᠦᠮᠦᠰ ᠤᠨ ᠬᠤᠣᠷᠲᠣ ᠬᠠᠪᠣᠳᠠᠷ ᠲᠤ ᠨᠡᠷᠪᠡᠭᠳᠡᠬᠦ ᠠᠶᠣᠯ ᠲᠦᠭᠰᠢᠭᠦᠷᠢ ᠨᠢ ᠨᠦᠢᠷ ᠮᠠᠭᠤᠳᠠᠭᠰᠠᠨ ᠠᠴᠠ ᠪᠣᠯᠣᠭᠠᠳ | ᠨᠡᠮᠡᠭᠳᠡᠭᠰᠡᠨ ᠶᠠᠪᠣᠳᠠᠯ ᠢᠯᠡᠷᠡᠭᠡ ᠦᠭᠡᠢ ᠪᠠᠶᠢᠪᠠ᠃ | ᠰᠣᠳᠣᠯᠭᠠᠴᠢᠳ᠄ ︽ᠲᠠᠮᠢᠷ ᠤᠨ ᠪᠤᠯᠪᠠᠰᠣᠷᠠᠯ ᠳᠤ ᠣᠷᠣᠯᠴᠠᠬᠤ ᠬᠢᠷᠢ ᠬᠡᠮᠵᠢᠶ᠎ᠡ ᠨᠢ ᠳᠡᠯᠡᠬᠡᠢ ᠶᠢᠨ ᠡᠷᠡᠭᠦᠯ | ᠬᠠᠮᠠᠭᠠᠯᠠᠯ ᠤᠨ ᠵᠣᠬᠢᠶᠠᠨ ᠪᠠᠶᠢᠭᠤᠯᠣᠯᠲᠠ ᠶᠢᠨ ᠰᠠᠨᠠᠭᠠᠴᠢᠯᠠᠭᠰᠠᠨ ᠬᠠᠮᠤᠭ ᠤᠨ ᠳᠣᠣᠷ᠎ᠠ ᠬᠦᠳᠡᠯᠭᠡᠭᠡᠨ ᠬᠢᠬᠦ ᠬᠢᠷᠢ | ᠬᠡᠮᠵᠢᠶᠡᠨ ᠳᠤ ᠬᠦᠷᠦᠭᠰᠡᠨ ᠪᠤᠶᠤ ᠲᠡᠭᠦᠨ ᠠᠴᠠ ᠳᠠᠪᠠᠭᠰᠠᠨ ᠪᠠᠶᠢᠪᠠᠯ᠂ ᠨᠦᠢᠷ ᠬᠤᠯᠵᠢᠬᠤ ᠪᠠ ᠦᠬᠦᠬᠦ ᠶᠢᠨ | ᠬᠤᠭᠤᠷᠣᠨᠳᠣᠬᠢ ᠬᠤᠯᠪᠣᠭᠳᠠᠬᠤ ᠮᠠᠰᠢ ᠣᠯᠠᠨ ᠬᠤᠣᠷ ᠨᠦᠯᠦᠭᠡ ᠶᠢ ᠦᠭᠡᠶᠢᠰᠭᠡᠵᠦ ᠴᠢᠳᠠᠨ᠎ᠠ︾ ᠭᠡᠵᠦ | ᠦᠭᠦᠯᠡᠯ ᠳᠡᠭᠡᠨ ᠪᠢᠴᠢᠵᠠᠢ᠃ | ᠪᠡᠶ᠎ᠡ ᠶᠢᠨ ᠳᠠᠮᠢᠷ ᠤᠨ ᠬᠦᠳᠡᠯᠭᠡᠭᠡᠨ ᠨᠢ ᠨᠦᠢᠷ ᠬᠦᠷᠦᠯᠴᠡᠬᠦ ᠦᠭᠡᠢ ᠪᠠᠶᠢᠳᠠᠯ ᠢ ᠬᠡᠷᠬᠢᠨ ᠨᠦᠬᠦᠪᠦᠷᠢᠯᠡᠳᠡᠭ | ᠲᠣᠬᠠᠢ ᠰᠣᠳᠣᠯᠭᠠᠴᠢᠳ ᠤᠨ ᠦᠵᠡᠬᠦ ᠪᠠᠷ᠂ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠨᠡᠮᠡᠭᠳᠡᠯ ᠨᠢ ᠦᠷᠪᠢᠰᠦᠯ ᠤᠨ | ᠡᠪᠡᠳᠴᠢᠨ ᠪᠤᠶᠤ ᠦᠵᠦᠮ ᠤᠨ ᠰᠢᠬᠢᠷ ᠤᠨ ᠡᠮᠬᠢ ᠵᠠᠮᠪᠠᠷᠠᠭ᠎ᠠ ᠦᠭᠡᠢ ᠰᠣᠯᠢᠯᠴᠠᠭ᠎ᠠ ᠶᠢ ᠪᠠᠭᠠᠰᠬᠠᠵᠦ ᠮᠡᠳᠡᠨ᠎ᠡ ᠭᠡᠵᠦ | ᠪᠠᠶᠢᠨ᠎ᠠ᠃ | ᠰᠢᠨ᠎ᠡ ᠳ᠋ᠧᠯᠢ ᠶᠡᠭᠡ ᠰᠣᠷᠭᠠᠭᠤᠯᠢ ᠶᠢᠨ ᠬᠦᠮᠦᠨ ᠠᠮᠠ ᠶᠢᠨ ᠡᠷᠡᠭᠦᠯ ᠮᠡᠨᠳᠦ ᠶᠢᠨ ᠰᠣᠳᠣᠯᠣᠭᠴᠢ | Emmanuel stamatakis ᠬᠡᠯᠡᠬᠦ ᠳᠡᠭᠡᠨ᠄ ︽ᠡᠨᠡ ᠬᠤᠶᠠᠷ ᠵᠦᠢᠯ ᠤᠨ ᠦᠢᠯᠡ ᠠᠵᠢᠯᠯᠠᠭ᠎ᠠ ᠨᠢ | ᠬᠦᠮᠦᠨ ᠤ ᠡᠷᠡᠭᠦᠯ ᠮᠡᠨᠳᠦ ᠳᠤ ᠴᠦᠮ ᠲᠦᠢᠯ ᠤᠨ ᠴᠢᠬᠤᠯᠠ ᠪᠠᠶᠢᠳᠠᠭ᠃ | ᠣᠳᠣᠬᠠᠨ ᠳᠤ᠂ ᠬᠦᠮᠦᠰ ᠪᠡᠶ᠎ᠡ ᠶᠢᠨ ᠲᠠᠮᠢᠷ ᠤᠨ ᠬᠦᠳᠡᠯᠭᠡᠭᠡᠨ ᠲᠣᠳᠠᠭᠳᠠᠭᠰᠠᠨ ᠪᠠ ᠨᠦᠢᠷ ᠮᠠᠭᠤᠲᠠᠢ ᠠᠶᠣᠯ ᠳᠤ | ᠴᠦᠮ ᠲᠣᠯᠭᠠᠷᠠᠵᠣ ᠪᠣᠢ᠂ ᠬᠦᠮᠦᠰ ᠢ ᠣᠷᠮᠠᠰᠢᠭᠤᠯᠵᠣ᠂ ᠪᠡᠶ᠎ᠡ ᠶᠢᠨ ᠲᠠᠮᠢᠷ ᠤᠨ ᠬᠦᠳᠡᠯᠭᠡᠭᠡᠨ ᠢᠯᠡᠭᠦᠦ ᠬᠢᠯᠭᠡᠬᠦ ᠳᠤ | ᠪᠢᠳᠡ ᠨᠡᠩ ᠣᠯᠠᠨ ᠡᠷᠡᠭᠦᠯ ᠮᠡᠨᠳᠦ ᠶᠢᠨ ᠪᠠᠷᠢᠮᠳᠠ ᠬᠠᠩᠭᠠᠭᠰᠠᠨ ᠪᠠᠶᠢᠨ᠎ᠠ᠃ ᠡᠭᠦᠨ ᠠᠴᠠ ᠭᠠᠳᠠᠨ᠎ᠠ ᠪᠠᠰᠠ ᠡᠮᠴᠢ | ᠰᠣᠪᠢᠯᠠᠭᠴᠢᠳ ᠲᠤ ᠨᠡᠩ ᠣᠯᠠᠨ ᠠᠷᠭ᠎ᠠ ᠵᠢᠭᠠᠵᠣ ᠣᠨᠳᠠᠯᠭ᠎ᠠ ᠶᠢᠨ ᠰᠠᠭᠠᠳ ᠲᠠᠢ ᠡᠪᠡᠳᠴᠢᠲᠡᠨ ᠳᠤ ᠪᠡᠶ᠎ᠡ ᠶᠢᠨ | ᠲᠠᠮᠢᠷ ᠤᠨ ᠬᠦᠳᠡᠯᠭᠡᠭᠡᠨ ᠤ ᠵᠣᠷ ᠦᠭᠳᠡᠭ︾ ᠭᠡᠵᠦ ᠪᠠᠶᠢᠨ᠎ᠠ᠃ ᠲᠣᠰ ᠰᠣᠳᠣᠯᠭᠠᠨ ᠨᠢ ︽ᠠᠩᠭ᠍ᠯᠢ ᠶᠢᠨ ᠪᠡᠶ᠎ᠡ ᠶᠢᠨ | ᠲᠠᠮᠢᠷ ᠤᠨ ᠬᠦᠳᠡᠯᠭᠡᠭᠡᠨ ᠤ ᠡᠮᠴᠢᠯᠡᠭᠡᠨ ᠤ ᠰᠡᠳᠭᠦᠯ︾ ᠳᠡᠭᠡᠷ᠎ᠡ ᠨᠡᠶᠢᠲᠡᠯᠡᠭᠳᠡᠵᠦ ᠦᠩᠭᠡᠷᠡᠵᠡᠢ᠃ | ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠮᠢᠷ ᠤᠨ ᠲᠤᠪᠴᠢᠶ᠎ᠠ | | | |