ᠮᠤᠩᠭᠤᠯᠴᠤᠳ ᠡᠷᠳᠡ ᠳᠡᠭᠡᠷ᠎ᠡ ᠦᠶ᠎ᠡ ᠠᠴᠠ ᠤᠶᠢᠭᠤᠷᠵᠢᠨ ᠮᠤᠩᠭᠤᠯ ᠦᠰᠦᠭ᠂ ᠳᠦᠷᠪᠡᠯᠵᠢᠨ ᠮᠤᠩᠭᠤᠯ ᠦᠰᠦᠭ | ᠂ ᠠᠯᠢ ᠭᠠᠯᠢ ᠦᠰᠦᠭ᠂ ᠳᠤᠳᠤ ᠦᠰᠦᠭ ᠢ ᠬᠡᠷᠡᠭᠯᠡᠵᠦ ᠦᠩᠬᠡᠷᠡᠭᠰᠡᠨ ᠪᠤᠶᠤ ᠬᠡᠷᠡᠭᠯᠡᠭᠰᠡᠭᠡᠷ ᠪᠠᠶᠢᠨ᠎ᠠ᠃ ᠬᠡᠬᠦ ᠳᠤ | ᠡᠨᠡ ᠬᠡᠳᠦᠨ ᠵᠦᠢᠯ ᠤᠨ ᠦᠰᠦᠭ ᠪᠢᠴᠢᠭ ᠢ ᠵᠤᠬᠢᠶᠠᠭᠰᠠᠨ ᠪᠤᠶᠤ ᠦᠬᠡᠷᠡᠴᠢᠯᠡᠨ ᠤᠳᠤ ᠪᠤᠯᠳᠠᠯ᠎ᠠ | ᠳᠡᠬᠦᠯᠳᠡᠷᠵᠢᠬᠦᠯᠦᠭᠰᠡᠨ ᠶᠠᠪᠤᠳᠠᠯ ᠤᠨ ᠠᠯᠢ ᠨᠢ ᠬᠡᠳ ᠪᠦᠷ ᠯᠠᠮᠠ ᠡᠷᠳᠡᠮᠳᠡᠳ ᠤᠨ ᠪᠦᠳᠦᠬᠡᠯ ᠪᠤᠯᠬᠤ ᠶᠤᠮ᠃ | ᠳᠡᠳᠡ ᠨᠠᠷ ᠨᠢᠬᠡ ᠨᠠᠰᠤ ᠪᠠᠷ ᠢᠶᠠᠨ ᠬᠠᠳᠠᠭᠤᠵᠢᠯᠳᠠᠢ ᠪᠠᠷ ᠪᠤᠷᠬᠠᠨ ᠤ ᠱᠠᠰᠢᠨ ᠤ ᠠᠷᠪᠠᠨ ᠰᠠᠯᠠᠭ᠎ᠠ ᠡᠷᠳᠡᠮ ᠢ | ᠴᠢᠷᠮᠠᠶᠢᠨ ᠰᠤᠷᠤᠯᠴᠠᠵᠤ᠂ ᠬᠡᠳᠦᠨ ᠬᠡᠯᠡᠨ ᠤ ᠪᠢᠴᠢᠭ ᠢ ᠨᠡᠪᠳᠡᠷᠡᠳᠡᠯ᠎ᠡ ᠡᠵᠡᠮᠰᠢᠭᠰᠡᠨ ᠰᠠᠭᠤᠷᠢᠨ ᠳᠡᠭᠡᠷ᠎ᠡ ᠪᠠᠨ | ᠦᠪᠡᠷ ᠤᠨ ᠮᠤᠩᠭᠤᠯ ᠦᠨᠳᠦᠰᠦᠳᠡᠨ ᠤ ᠪᠠᠨ ᠦᠰᠦᠭ ᠪᠢᠴᠢᠭ ᠢ ᠵᠤᠬᠢᠶᠠᠨ ᠬᠦᠭᠵᠢᠬᠦᠯᠦᠭᠰᠡᠨ ᠪᠠᠶᠢᠨ᠎ᠠ᠃ ᠡᠬᠦᠨ ᠢ | ᠮᠤᠩᠭᠤᠯᠴᠤᠳ ᠢᠶᠠᠷ ᠦᠯᠦ ᠪᠠᠷᠠᠮ ᠳᠡᠯᠡᠬᠡᠢ ᠳ᠋ᠠᠬᠢᠨ ᠤ ᠪᠤᠰᠤᠳ ᠤᠯᠤᠰ ᠦᠨᠳᠦᠰᠦᠳᠡᠨ ᠴᠤ ᠭᠠᠶᠢᠬᠠᠵᠤ | ᠪᠢᠰᠢᠷᠡᠭᠰᠡᠭᠡᠷ ᠢᠷᠡᠭᠰᠡᠨ ᠶᠤᠮ᠃ | ᠤᠶᠢᠭᠤᠷᠵᠢᠨ ᠮᠤᠩᠭᠤᠯ ᠦᠰᠦᠭ | ᠮᠤᠩᠭᠤᠯᠴᠤᠳ ᠤᠶᠢᠭᠤᠷᠵᠢᠨ ᠮᠤᠩᠭᠤᠯ ᠦᠰᠦᠭ ᠢ ᠬᠠᠮᠤᠭ ᠠᠩᠬᠠᠨ 13 ᠳ᠋ᠤᠭᠠᠷ ᠵᠠᠭᠤᠨ ᠤ ᠡᠬᠢᠨ ᠤ | ᠦᠶ᠎ᠡ ᠳᠤ ᠴᠢᠩᠬᠢᠰ ᠬᠠᠭᠠᠨ ᠨᠠᠢᠮᠠᠨ ᠠᠶᠢᠮᠠᠭ ᠢ ᠪᠠᠶᠢᠯᠳᠤᠨ ᠳᠠᠭᠠᠭᠤᠯᠤᠬᠰᠠᠨ ᠦᠶ᠎ᠡ ᠳᠤ ᠤᠶᠢᠭᠤᠷ ᠬᠦᠮᠦᠨ | ᠳᠠᠳᠠᠳᠤᠩᠭ᠎ᠠ ᠶᠢ ᠤᠯᠵᠠᠯᠠᠨ ᠠᠪᠴᠤ ᠢᠷᠡᠵᠦ ᠶᠤᠸᠠᠨ ᠤᠯᠤᠰ ᠤᠨ ᠳᠠᠮᠠᠭ᠎ᠠ ᠬᠠᠮᠢᠶᠠᠷᠬᠤ ᠳᠤᠰᠢᠶᠠᠯᠳᠠᠨ ᠤ ᠠᠵᠢᠯ | ᠬᠠᠷᠢᠭᠤᠴᠠᠭᠤᠯᠬᠤ ᠶᠢᠨ ᠬᠠᠮᠳᠤ ᠬᠠᠭᠠᠳ ᠨᠤᠶᠠᠳ ᠤᠨ ᠦᠷ᠎ᠡ ᠬᠡᠦᠬᠡᠳ ᠲᠤ ᠤᠶᠢᠭᠤᠷ ᠦᠰᠦᠭ ᠢᠶᠠᠷ ᠡᠷᠳᠡᠨ ᠤ | ᠮᠤᠩᠭᠤᠯ ᠬᠡᠯᠡ ᠶᠢ ᠳᠡᠮᠳᠡᠭᠯᠡᠨ ᠵᠢᠭᠠᠯᠭᠠᠵᠤ ᠪᠠᠶᠢᠵᠠᠢ᠃ ᠡᠶᠢᠮᠦ ᠠᠴᠠ ᠤᠶᠢᠭᠤᠷ ᠦᠰᠦᠭ ᠪᠤᠯ ᠳᠠᠷᠤᠢ ᠮᠤᠩᠭᠤᠯ | ᠬᠠᠭᠠᠠᠳᠤ ᠤᠯᠤᠰ ᠤᠨ ᠳᠦᠷᠦ ᠶᠢᠨ ᠦᠰᠦᠭ ᠪᠢᠴᠢᠭ ᠪᠤᠯᠤᠬᠰᠠᠨ ᠪᠢᠯᠡ | ᠮᠤᠩᠭᠤᠯ ᠦᠰᠦᠭ ᠪᠢᠴᠢᠭ ᠤᠨ ᠵᠢᠷᠦᠬᠡᠨ ᠤ ᠳᠤᠯᠳᠤ | ᠮᠠᠨ ᠤ ᠮᠤᠩᠭᠤᠯ ᠦᠰᠦᠭ ᠪᠢᠴᠢᠭ ᠢ ᠬᠡᠷᠡᠭᠯᠡᠭᠰᠡᠨ ᠬᠤᠭᠤᠴᠠᠭ᠎ᠠ ᠤᠷᠳᠤ ᠤᠳᠠᠭᠠᠨ ᠪᠤᠯᠪᠠᠴᠤ ᠳᠡᠬᠦᠨ ᠢ | ᠰᠢᠰᠲ᠋ᠧᠮ ᠲᠠᠢ ᠡᠮᠬᠢᠳᠭᠡᠨ ᠰᠤᠳᠤᠯᠤᠬᠰᠠᠨ ᠬᠦᠮᠦᠨ ᠬᠤᠪᠤᠷ ᠪᠠᠶᠢᠳᠠᠭ᠃ ᠡᠨᠡ ᠳᠤᠬᠠᠢ ᠵᠠᠷᠢᠮ | ᠳᠡᠦᠬᠡ ᠶᠢᠨ ᠳᠡᠮᠳᠡᠭᠯᠡᠯ ᠠᠴᠠ ᠦᠵᠡᠪᠡᠯ ᠳᠦᠪᠡᠳ ᠤᠨ ᠰᠡᠴᠡ ᠪᠠᠨᠳᠢᠳᠡ ᠬᠦᠩᠭᠠᠵᠠᠯᠽᠠᠨ13 ᠳ᠋ᠤᠭᠠᠷ ᠵᠠᠭᠤᠨ ᠤ | ᠳᠤᠮᠳᠠᠴᠢ ᠦᠶ᠎ᠡ ᠪᠠᠷ ᠮᠤᠩᠭᠤᠯ ᠤᠷᠤᠨ ᠳᠤ ᠢᠷᠡᠵᠦ᠂ ᠮᠤᠩᠭᠤᠯ ᠦᠰᠦᠭ ᠢ ᠴᠢᠩᠭ᠎ᠠ᠂ ᠬᠦᠨᠳᠡᠢ᠂ ᠰᠠᠭᠠᠷᠮᠠᠭ ᠬᠡᠬᠦ | ᠬᠡᠯᠡᠨ ᠤ ᠵᠦᠢ ᠶᠢᠨ ᠵᠤᠬᠢᠶᠠᠯ ᠪᠢᠴᠢᠵᠡᠢ ᠬᠡᠳᠡᠭ᠃ ᠳᠡᠶᠢᠮᠦ ᠠᠴᠠ ᠬᠦᠩᠭᠠᠵᠠᠯᠽᠠᠨ ᠤ ᠬᠡᠯᠡᠨ ᠵᠦᠢ ᠶᠢ ᠮᠤᠩᠭᠤᠯ | ᠦᠰᠦᠭ ᠪᠢᠴᠢᠭ ᠤᠨ ᠨᠢᠬᠡᠳᠦᠬᠡᠷ ︿︿ᠵᠢᠷᠦᠬᠡᠨ ᠤ ᠳᠤᠯᠳᠤ﹀﹀ ᠬᠡᠳᠡᠭ ᠶᠤᠮ | 1305ᠤᠨ ᠳᠤ ᠴᠤᠶᠢᠵᠢᠠᠤᠳᠰᠠᠷ ᠪᠠᠨᠳᠢᠳᠡ ᠮᠤᠩᠭᠤᠯ ᠬᠡᠯᠡᠨ ᠤ ᠵᠦᠢ ᠪᠠ ᠪᠢᠴᠢᠯᠭᠡ ᠶᠢᠨ ᠳᠦᠷᠢᠮ ᠤᠨ | ᠳᠠᠯ᠎ᠠ ᠪᠠᠷ ᠶᠡᠭᠡ ᠬᠡᠮᠵᠢᠶᠡᠨ ᠤ ᠦᠬᠡᠷᠡᠴᠢᠯᠡᠯᠳᠡ ᠬᠢᠵᠡᠢ᠃ | ᠳᠡᠬᠦᠨ ᠤ ᠭᠤᠤᠯ ᠪᠦᠳᠦᠬᠡᠯ ᠨᠢ᠄ | 1, ᠵᠦᠪ ᠪᠢᠴᠢᠯᠭᠡ ᠶᠢᠨ ᠳᠦᠷᠢᠮ ᠪᠤᠯᠤᠨ ᠬᠡᠯᠡᠨ ᠵᠦᠢ ᠶᠢᠨ ᠰᠠᠭᠤᠷᠢ ᠶᠢ ᠳᠤᠭᠳᠠᠭᠠᠵᠠᠢ᠃ | 2, ᠬᠡᠶᠢᠬᠦᠯᠦᠭᠴᠢ ᠪᠤᠯᠤᠨ ᠡᠭᠡᠰᠢᠭ ᠬᠤᠶᠠᠷ ᠤᠨ ᠤᠶᠠᠯᠳᠤᠬᠤ ᠵᠦᠢ ᠶᠢ ᠳᠤᠷᠠᠳᠤᠨ ᠳᠠᠶᠢᠯᠪᠤᠷᠢᠯᠠᠵᠠᠢ᠃ | 3, ᠴᠠᠭᠠᠨ ᠳᠤᠯᠤᠭᠠᠢ ᠶᠢ115 ᠦᠶᠡᠳᠦ ᠦᠰᠦᠭ ᠪᠤᠯᠭᠠᠨ ᠬᠤᠪᠢᠯᠭᠠᠵᠠᠢ᠃ | 4, ᠨᠡᠷ᠎ᠡ ᠦᠬᠡ ᠶᠢᠨ ᠳᠡᠶᠢᠨ ᠢᠯᠭᠠᠯ ᠪᠤᠯᠤᠨ ᠬᠡᠯᠡᠨ ᠤ ᠵᠦᠢ ᠶᠢᠨ ᠤᠳᠬ᠎ᠠ ᠶᠢ ᠠᠩᠬ᠎ᠠ ᠤᠳᠠᠭ᠎ᠠ ᠳᠤᠷᠠᠳᠤᠨ | ᠭᠠᠷᠭᠠᠵᠠᠢ᠃ | 5, ᠳᠡᠶᠢᠨ ᠢᠯᠭᠠᠯ ᠤᠨ ᠳᠠᠭᠠᠪᠤᠷᠢ ᠶᠢ ᠬᠡᠷᠡᠭᠯᠡᠬᠦ ᠳᠦᠷᠢᠮ ᠢ ᠨᠠᠷᠢᠨ ᠳᠠᠶᠢᠯᠪᠤᠷᠢᠯᠠᠬᠰᠠᠨ ᠪᠠᠶᠢᠨ᠎ᠠ᠃ | 6,ᠡᠭᠡᠰᠢᠭ ᠠᠪᠢᠶ᠎ᠠ ᠪᠤᠯᠤᠨ ᠬᠡᠶᠢᠬᠦᠯᠦᠭᠴᠢ ᠠᠪᠢᠶ᠎ᠠ ᠶᠢᠨ ᠠᠪᠢᠶᠠᠯᠠᠬᠤ ᠪᠠᠶᠢᠷᠢ ᠪᠠ ᠠᠪᠢᠶᠠᠯᠠᠬᠤ ᠠᠷᠭ᠎ᠠ ᠶᠢᠨ | ᠤᠬᠠᠭᠠᠨ ᠢ ᠦᠨᠳᠦᠰᠦᠯᠡᠵᠦ᠂ ᠠᠯᠳᠠ᠂ ᠮᠤᠳᠤ᠂ ᠤᠰᠤ᠂ ᠭᠠᠯ᠂ ᠰᠢᠷᠦᠢ ᠵᠡᠷᠭᠡ ᠪᠠᠷ ᠮᠤᠩᠭᠤᠯ ᠬᠡᠯᠡᠨ ᠤ | ᠠᠪᠢᠶ᠎ᠠ ᠶᠢ ᠠᠪᠢᠶᠠᠯᠠᠬᠤ ᠪᠠᠶᠢᠷᠢ ᠪᠠ ᠠᠪᠢᠶᠠᠯᠠᠬᠤ ᠠᠷᠭ᠎ᠠ ᠶᠢᠨ ᠳᠠᠯ᠎ᠠ ᠪᠠᠷ ᠳᠠᠪᠤᠨ ᠠᠩᠬᠢ ᠪᠠᠷ ᠠᠩᠬᠢᠯᠠᠵᠤ᠂ ᠳᠠᠪᠤᠨ | ᠮᠠᠬᠠᠪᠤᠳ ᠤᠨ ᠠᠶᠢᠮᠠᠭ ᠪᠤᠯᠭᠠᠨ ᠬᠤᠪᠢᠶᠠᠷᠢᠯᠠᠵᠠᠢ᠃ ᠡᠶᠢᠮᠦ ᠠᠴᠠ ᠴᠤᠶᠢᠵᠢᠠᠤᠳᠰᠠᠷ ᠤᠨ ᠮᠤᠩᠭᠤᠯ ᠬᠡᠯᠡᠨ ᠤ | ᠵᠦᠢ ᠶᠢ ᠪᠠᠰᠠ ᠮᠤᠩᠭᠤᠯ ᠦᠰᠦᠭ ᠪᠢᠴᠢᠭ ᠤᠨ ᠬᠤᠶᠠᠳᠤᠭᠠᠷ ︿︿ᠵᠢᠷᠦᠬᠡᠨ ᠤ ᠳᠤᠯᠳᠤ﹀﹀ ᠬᠡᠳᠡᠭ ᠶᠤᠮ᠃ | 1628ᠤᠨ ᠠᠴᠠ ᠡᠮᠦᠨ᠎ᠡ ᠬᠦᠩᠭᠠᠠᠤᠳᠰᠠᠠᠷ ᠪᠠᠨᠳᠢᠳᠡ ᠯᠢᠭᠳᠡᠨ ᠬᠠᠭᠠᠨ ᠤ ᠵᠠᠷᠯᠢᠭ ᠢᠶᠠᠷ ︿︿ᠭᠠᠨᠵᠤᠤᠷ﹀﹀ | ᠰᠤᠳᠤᠷ ᠢ ᠤᠷᠴᠢᠭᠤᠯᠬᠤ ᠳᠤ ᠦᠰᠦᠭ ᠤᠨ ᠳᠢᠭ ᠬᠡᠯᠪᠡᠷᠢ᠂ ᠵᠦᠪ ᠪᠢᠴᠢᠯᠬᠡ ᠶᠢ ᠨᠢᠬᠡᠳᠬᠡᠬᠦ ᠶᠢᠨ ᠳᠦᠯᠦᠬᠡ ᠰᠢᠨ᠎ᠡ | ︿︿ᠵᠢᠷᠦᠬᠡᠨ ᠤ ᠳᠤᠯᠳᠤ﹀﹀ ᠶᠢ ᠵᠤᠬᠢᠶᠠᠪᠠ᠃ ᠡᠬᠦᠨ ᠢ ᠪᠠᠰᠠ ᠮᠤᠩᠭᠤᠯ ᠦᠰᠦᠭ ᠪᠢᠴᠢᠭ ᠤᠨ ᠭᠤᠷᠪᠠᠳᠤᠭᠠᠷ ︿︿ | ᠵᠢᠷᠦᠬᠡᠨ ᠤ ᠳᠤᠯᠳᠤ﹀﹀ ᠬᠡᠳᠡᠭ᠃ | ᠮᠤᠩᠭᠤᠯ ᠳᠦᠷᠪᠡᠯᠵᠢᠨ ᠦᠰᠦᠭ | 1260ᠤᠨ ᠳᠤ ᠬᠤᠪᠢᠯᠠᠢ ᠰᠡᠴᠡᠨ ᠬᠠᠭᠠᠨ ᠮᠤᠩᠭᠤᠯ ᠦᠰᠦᠭ ᠢ ᠦᠬᠡᠷᠡᠴᠢᠯᠡᠨ ᠵᠤᠬᠢᠶᠠᠬᠤ ᠡᠬᠦᠷᠭᠡ ᠶᠢ | ᠳᠦᠪᠡᠳ ᠤᠨ ᠫᠠᠭᠪᠠ ᠯᠠᠮᠠ ᠳᠤ ᠳᠠᠭᠠᠭᠠᠯᠭᠠᠬᠰᠠᠨ ᠪᠠᠶᠢᠨ᠎ᠠ᠃ ᠫᠠᠭᠪᠠ ᠯᠠᠮᠠ1260---1269 ᠤᠨ ᠤ | ᠬᠤᠭᠤᠷᠤᠨᠳᠤ ᠡᠨᠡᠳᠭᠡ ᠶᠢᠨ ᠰᠡᠡᠰᠺᠷᠢᠲ ᠴᠠᠭᠠᠨ ᠳᠤᠯᠤᠭᠠᠢ ᠪᠠ ᠳᠦᠪᠡᠳ ᠦᠰᠦᠭ ᠤᠨ ᠴᠠᠭᠠᠨ ᠳᠤᠯᠤᠭᠠᠢ ᠶᠢ | ᠦᠨᠳᠦᠰᠦᠯᠡᠵᠦ᠂ 42 ᠦᠰᠦᠭ ᠢᠶᠠᠷ ᠪᠦᠷᠢᠯᠳᠦᠭᠰᠡᠨ ᠳᠦᠷᠪᠡᠯᠵᠢᠨ ᠦᠰᠦᠭ ᠤᠨ ᠴᠠᠭᠠᠨ ᠳᠤᠯᠤᠭᠠᠢ ᠶᠢ | ᠵᠤᠬᠢᠶᠠᠭᠰᠠᠨ ᠪᠠᠶᠢᠨ᠎ᠠ᠃ ᠵᠤᠬᠢᠶᠠᠵᠤ ᠪᠠᠷᠠᠭᠰᠠᠨ ᠵᠢᠯ ᠳᠤ ᠬᠤᠪᠢᠯᠠᠢ ᠬᠠᠭᠠᠨ ᠪᠦᠬᠦ ᠶᠤᠸᠠᠨ ᠤᠯᠤᠰ ᠲᠤ ᠵᠠᠷᠯᠢᠭ | ᠪᠠᠭᠤᠯᠭᠠᠵᠤ ᠨᠡᠶᠢᠳᠡᠮ ᠬᠡᠷᠡᠭᠯᠡᠵᠡᠢ᠃ ᠳᠡᠷᠡ ᠦᠶ᠎ᠡ ᠳᠤ ᠮᠤᠩᠭᠤᠯ ᠳᠦᠷᠪᠡᠯᠵᠢᠨ ᠦᠰᠦᠭ ᠢ ᠵᠠᠷᠤᠬᠤ ᠶᠢᠨ ᠬᠠᠮᠳᠤ | ᠤᠶᠢᠭᠤᠷᠵᠢᠨ ᠮᠤᠩᠭᠤᠯ ᠦᠰᠦᠭ ᠪᠠ ᠬᠢᠳᠡᠳ᠂ ᠳᠦᠪᠡᠳ ᠦᠰᠦᠭ ᠢ ᠬᠠᠮᠳᠤ ᠳᠤᠨᠢ ᠳᠠᠭᠠᠭᠤᠯᠵᠤ ᠬᠡᠷᠡᠭᠯᠡᠵᠦ | ᠪᠠᠶᠢᠯ᠎ᠠ᠃ | ᠠᠶᠤᠰᠢ ᠬᠦᠦᠰᠢ ᠶᠢᠨ ᠠᠯᠢ ᠭᠠᠯᠢ ᠦᠰᠦᠭ | 1577ᠤᠨ ᠠᠴᠠ ᠬᠤᠶᠢᠨ᠎ᠠ ᠰᠢᠷ᠎ᠡ ᠶᠢᠨ ᠱᠠᠰᠢᠨ ᠮᠤᠩᠭᠤᠯ ᠤᠷᠤᠨ ᠳᠤ ᠳᠡᠯᠬᠡᠷᠡᠵᠡᠢ᠃ | ᠳᠤᠬᠠᠢ ᠶᠢᠨ ᠦᠶ᠎ᠡ ᠳᠤ ᠰᠦᠮ᠎ᠡ ᠬᠡᠶᠢᠳ ᠨᠢ ᠮᠤᠩᠭᠤᠯ ᠦᠨᠳᠦᠰᠦᠳᠡᠨ ᠤ ᠰᠤᠶᠤᠯ ᠤᠨ ᠳᠦᠪ ᠪᠤᠯᠵᠤ᠂ ᠪᠤᠷᠬᠠᠨ ᠤ | ᠨᠤᠮ ᠰᠤᠳᠤᠷ ᠢ ᠮᠤᠩᠭᠤᠯ ᠬᠡᠯᠡ ᠪᠠᠷ ᠤᠷᠴᠢᠭᠤᠯᠬᠤ ᠠᠰᠠᠭᠤᠳᠠᠯ ᠳᠤᠯᠭᠠᠮ᠎ᠠ ᠱᠠᠭᠠᠷᠳᠠᠭᠳᠠᠵᠤ ᠪᠠᠶᠢᠵᠠᠢ᠃ ᠲᠡᠷᠡ | ᠦᠶ᠎ᠡ ᠳᠤ ᠠᠯᠳᠠᠨ ᠬᠠᠭᠠᠨ ᠮᠤᠩᠭᠤᠯ᠂ ᠳᠦᠪᠡᠳ᠂ ᠰᠡᠡᠰᠺᠷᠢᠲ ᠭᠤᠷᠪᠠᠨ ᠬᠡᠯᠡᠨ ᠳᠤ ᠨᠡᠪᠳᠡᠷᠡᠭᠰᠡᠨ ᠬᠠᠷᠠᠴᠢᠨ ᠤ | ᠬᠦᠦᠰᠢ ᠠᠶᠤᠰᠢ ᠵᠡᠷᠭᠡ ᠡᠷᠳᠡᠮᠳᠡᠳ ᠲᠤ ᠵᠠᠷᠯᠢᠭ ᠪᠠᠭᠤᠯᠭᠠᠵᠤ᠂ ᠳᠦᠪᠡᠳ ᠬᠡᠯᠡᠨ ᠠᠴᠠ ︿︿ᠭᠠᠨᠵᠤᠤᠷ﹀﹀ ᠢ | ᠤᠷᠴᠢᠭᠤᠯᠪᠠ᠃ ᠤᠷᠴᠢᠭᠤᠯᠬᠤ ᠶᠠᠪᠤᠴᠠ ᠳᠤ ᠬᠠᠷᠢ ᠬᠡᠯᠡᠨ ᠤ ᠵᠢᠬᠡᠯᠡᠭᠡ ᠦᠬᠡ ᠶᠢ ᠮᠤᠩᠭᠤᠯ ᠢᠶᠠᠷ ᠳᠡᠮᠳᠡᠭᠯᠡᠬᠦ ᠳᠤ | ᠬᠦᠴᠢᠷ ᠪᠤᠯᠬᠤᠷ 1587 ᠤᠨ ᠳᠤ ᠬᠠᠷᠠᠴᠢᠨ ᠤ ᠠᠶᠤᠰᠢ ᠬᠦᠦᠰᠢ ᠮᠤᠩᠭᠤᠯ ᠦᠰᠦᠭ ᠤᠨ ᠰᠠᠭᠤᠷᠢᠨ ᠳᠡᠭᠡᠷ᠎ᠡ | ᠰᠡᠡᠰᠺᠷᠢᠲ ᠪᠤᠯᠤᠨ ᠳᠦᠪᠡᠳ ᠦᠰᠦᠭ ᠤᠨ ᠴᠠᠭᠠᠨ ᠳᠤᠯᠤᠭᠠᠢ ᠶᠢ ᠬᠢᠨᠠᠵᠤ ︿︿ᠠᠯᠢ ᠭᠠᠯᠢ ᠦᠰᠦᠭ﹀﹀ ᠬᠡᠳᠡᠭ | ᠭᠠᠯᠢᠭ ᠦᠰᠦᠭ ᠢ ᠵᠤᠬᠢᠶᠠᠪᠠ᠃ ᠠᠯᠢ ᠭᠠᠯᠢ ᠦᠰᠦᠭ ᠪᠤᠯ ᠡᠷᠳᠡᠨ ᠤ ᠮᠤᠩᠭᠤᠯ ᠤᠨ ᠳᠠᠭᠤᠳᠠᠯᠭ᠎ᠠ ᠪᠤᠯᠤᠨ | ᠪᠢᠴᠢᠯᠬᠡ ᠲᠠᠢ ᠦᠨᠳᠦᠰᠦᠨ ᠳᠡᠭᠡᠨ ᠠᠳᠠᠯᠢ ᠪᠠᠶᠢᠳᠠᠭ᠃ | ᠳᠤᠳᠤ ᠦᠰᠦᠭ | 1648 ᠤᠨ ᠳᠤ ᠤᠶᠢᠷᠠᠳ ᠮᠤᠩᠭᠤᠯ ᠤᠨ ᠡᠷᠳᠡᠮᠳᠡᠨ ᠽᠠᠶ᠎ᠠ ᠨᠠᠮᠠᠬᠠᠶᠢᠵᠠᠮᠰᠤ ᠨᠡᠶᠢᠳᠡ ᠮᠤᠩᠭᠤᠯ ᠤᠨ | ᠬᠡᠷᠡᠭᠯᠡᠵᠦ ᠪᠠᠶᠢᠬᠰᠠᠨ ᠤᠶᠢᠭᠤᠷᠵᠢᠨ ᠮᠤᠩᠭᠤᠯ ᠦᠰᠦᠭ ᠢ ᠤᠶᠢᠷᠠᠳ ᠠᠶᠠᠯᠭᠤᠨ ᠤ ᠤᠨᠴᠠᠯᠢᠭ ᠢᠶᠠᠷ ᠦᠨᠳᠦᠰᠦᠯᠡᠵᠦ | ᠂ ᠶᠠᠷᠢᠶᠠᠨ ᠳᠠᠭᠠᠨ ᠤᠶᠢᠷᠠᠳᠤᠭᠤᠯᠤᠬᠰᠠᠨ ︿︿ᠳᠤᠳᠤ ᠦᠰᠦᠭ﹀﹀ ᠪᠤᠯᠭᠠᠨ ᠦᠬᠡᠷᠡᠴᠢᠯᠡᠵᠡᠢ᠃ | ᠰᠤᠶᠤᠩᠪᠤ ᠦᠰᠦᠭ | ᠬᠠᠯᠬ᠎ᠠ ᠶᠢᠨ ᠳᠦᠰᠢᠶᠡᠳᠦ ᠬᠠᠭᠠᠨ ᠭᠤᠮᠪᠤ ᠶᠢᠨ ᠬᠦᠪᠡᠬᠦᠨ ᠵᠠᠨᠠᠪᠠᠽᠠᠷ 1686 ᠤᠨ ᠳᠤ ᠳᠦᠪᠠᠭ᠋ᠠᠨ ᠬᠡᠳᠡᠭ | ᠭᠠᠵᠠᠷ ᠲᠤ ᠱᠠᠰᠢᠨ ᠰᠤᠷᠳᠠᠬᠤᠨ ᠤ ᠨᠤᠮ ᠰᠤᠳᠤᠷ ᠢ ᠤᠷᠴᠢᠭᠤᠯᠬᠤ ᠶᠢᠨ ᠳᠦᠬᠦᠮ ᠢ ᠪᠤᠳᠤᠵᠤ᠂ ᠡᠷᠳᠡᠨ ᠤ | ᠡᠨᠡᠳᠭᠡ ᠦᠰᠦᠭ ᠤᠨ ᠴᠠᠭᠠᠨ ᠳᠤᠯᠤᠭᠠᠢ ᠪᠤᠯᠤᠨ ᠳᠦᠪᠡᠳ ᠦᠰᠦᠭ ᠢ ᠦᠨᠳᠦᠰᠦᠯᠡᠵᠦ᠂ ᠮᠤᠩᠭᠤᠯ ᠬᠡᠯᠡ ᠶᠢ | ᠳᠡᠮᠳᠡᠭᠯᠡᠬᠦ ︿︿ᠰᠤᠶᠤᠩᠪᠤ ᠦᠰᠦᠭ﹀﹀ ᠶᠢ ᠵᠤᠬᠢᠶᠠᠪᠠ᠃ ᠡᠨᠡ ᠦᠰᠦᠭ ᠨᠢ ᠬᠠᠯᠬ᠎ᠠ ᠶᠢᠨ ᠰᠦᠮ᠎ᠡ ᠬᠡᠶᠢᠳ ᠤᠨ | ᠯᠠᠮᠠ ᠨᠠᠷ ᠤᠨ ᠳᠤᠮᠳᠠ ᠬᠤᠶᠠᠷ ᠵᠠᠭᠤ ᠭᠠᠷᠤᠢ ᠵᠢᠯ ᠤᠯᠠᠮᠵᠢᠯᠠᠬᠳᠠᠬᠰᠠᠨ ᠪᠦᠬᠡᠳ ᠤᠯᠠᠭᠠᠠᠪᠠᠭᠠᠳᠤᠷ ᠲᠤ ᠰᠤᠶᠤᠩᠪᠤ | ᠦᠰᠦᠭ ᠰᠤᠷᠤᠯᠴᠠᠬᠤ ᠰᠤᠷᠭᠠᠭᠤᠯᠢ ᠪᠠᠶᠢᠭᠤᠯᠪᠠ᠃ | ᠡᠨᠡ ᠦᠰᠦᠭ ᠪᠤᠯ ᠳᠦᠷᠪᠡᠯᠵᠢᠨ ᠬᠡᠯᠪᠡᠷᠢ ᠲᠠᠢ ᠪᠦᠬᠡᠳ ᠵᠡᠬᠦᠨ ᠠᠴᠠ ᠪᠠᠷᠠᠭᠤᠨᠰᠢ ᠬᠦᠨᠳᠡᠯᠡᠨ ᠪᠢᠴᠢᠳᠡᠭ 90 | ᠦᠰᠦᠭ ᠲᠠᠢ᠂ ᠪᠢᠴᠢᠬᠦ ᠳᠢᠭ ᠨᠢ ᠬᠡᠪᠯᠡᠯ ᠦᠰᠦᠭ᠂ ᠬᠢᠴᠢᠶᠡᠩᠬᠦᠢ ᠦᠰᠦᠭ᠂ ᠳᠠᠷᠳᠠᠶᠢᠯᠭᠠᠨ ᠦᠰᠦᠭ ᠬᠡᠵᠦ | ᠭᠤᠷᠪᠠᠨ ᠵᠦᠢᠯ ᠤᠨ ᠳᠢᠭ ᠲᠠᠢ᠃ | ᠰᠢᠨ᠎ᠡ ᠮᠤᠩᠭᠤᠯ ᠦᠰᠦᠭ | 20 ᠳ᠋ᠤᠭᠠᠷ ᠵᠠᠭᠤᠨ ᠤ ᠭᠤᠴᠢ ᠠᠴᠠ ᠳᠦᠴᠢᠬᠡᠳ ᠤᠨ ᠤ ᠦᠶ᠎ᠡ ᠳᠤ ᠪᠦᠬᠦᠳᠡ ᠨᠠᠶᠢᠷᠠᠮᠳᠠᠬᠤ ᠮᠤᠩᠭᠤᠯ | ᠤᠯᠤᠰ ᠪᠠ ᠪᠦᠷᠢᠶᠡᠳ ᠨᠠᠷ ᠰᠯᠠᠸ᠋ ᠴᠠᠭᠠᠨ ᠳᠤᠯᠤᠭᠠᠢ ᠶᠢ ᠵᠢᠬᠡᠯᠡᠵᠦ᠂ ᠬᠠᠯᠬ᠎ᠠ ᠶᠢᠨ ᠬᠡᠯᠡᠨ ᠤ ᠡᠷᠳᠡᠮᠳᠡᠨ ᠴ᠊᠂ | ᠳᠡᠮᠳᠢᠨᠰᠦᠷᠦᠩ᠂ ᠮᠢᠰᠢᠭ᠂ ᠪᠠᠭᠪᠠ ᠨᠠᠷ ᠬᠠᠮᠳᠤᠷᠠᠨ ︿︿ᠰᠢᠨ᠎ᠡ ᠮᠤᠩᠭᠤᠯ ᠦᠰᠦᠭ﹀﹀ ᠶᠢ ᠵᠤᠬᠢᠶᠠᠪᠠ᠃ 1949 | ᠤᠨ ᠳᠤ ᠰᠢᠨ᠎ᠡ ᠮᠤᠩᠭᠤᠯ ᠦᠰᠦᠭ ᠤᠨ ᠳᠦᠷᠢᠮ ᠢᠶᠠᠨ ᠳᠡᠬᠢᠨ ᠬᠢᠨᠠᠵᠤ ᠵᠠᠰᠠᠭᠠᠳ ᠪᠦᠬᠦᠳᠡ ᠨᠠᠶᠢᠷᠠᠮᠳᠠᠬᠤ | ᠮᠤᠩᠭᠤᠯ ᠠᠷᠠᠳ ᠤᠯᠤᠰ ᠤᠨ ᠬᠠᠤᠯᠢ ᠶᠤᠰᠤ ᠪᠠᠷ ᠪᠠᠳᠤᠯᠠᠵᠤ ᠬᠡᠷᠡᠭᠵᠢᠬᠦᠯᠪᠡ᠃ | ᠬᠠᠯᠬ᠎ᠠ ᠮᠤᠩᠭᠤᠯᠴᠤᠳ 1941 ᠤᠨ ᠠᠴᠠ ᠡᠬᠢᠯᠡᠵᠦ ︿︿ᠬᠠᠭᠤᠴᠢᠨ ᠮᠤᠩᠭᠤᠯ ᠦᠰᠦᠭ﹀﹀ ᠢ | ᠬᠡᠷᠡᠭᠯᠡᠬᠦ ᠪᠠᠨ ᠵᠤᠬᠰᠤᠵᠤ ︿︿ᠰᠢᠨ᠎ᠡ ᠮᠤᠩᠭᠤᠯ ᠦᠰᠦᠭ﹀﹀ ᠢ ᠵᠠᠷᠤᠬᠤ ᠪᠤᠯᠵᠠᠢ᠃ | 1992ᠤᠨ ᠠᠴᠠ ᠮᠤᠩᠭᠤᠯ ᠠᠷᠠᠳ ᠤᠯᠤᠰ ᠬᠠᠭᠤᠴᠢᠨ ᠮᠤᠩᠭᠤᠯ ᠦᠰᠦᠭ ᠢᠶᠠᠨ ᠬᠡᠷᠡᠭᠯᠡᠪᠡ᠃ | 1956---1959ᠤᠨ ᠬᠦᠷᠳᠡᠯ᠎ᠡ ᠦᠪᠦᠷ ᠮᠤᠩᠭᠤᠯ ᠤᠷᠤᠨ ᠳᠤ ᠰᠢᠨ᠎ᠡ ᠮᠤᠩᠭᠤᠯ ᠦᠰᠦᠭ ᠢ ᠪᠠᠰᠠ ᠬᠡᠷᠡᠭᠯᠡᠵᠦ | ᠦᠩᠬᠡᠷᠡᠪᠡ᠃ | ︿︿ᠮᠤᠩᠭᠤᠯ ᠤᠨ ᠪᠤᠷᠬᠠᠨ ᠤ ᠱᠠᠰᠢᠨ﹀﹀ ᠬᠡᠮᠡᠬᠦ ᠨᠤᠮ ᠠᠴᠠ ᠪᠠᠭᠤᠯᠭᠠᠪᠠ᠃ | | |