ᠡᠬᠡᠴᠣᠣᠯ ᠤᠨ ᠰᠣᠷᠭᠠᠨ ᠬᠦᠮᠦᠵᠢᠯ ᠤᠨ ᠦᠢᠯᠡᠰ ᠲᠤ ᠦᠵᠡᠭᠦᠯᠬᠦ ᠭᠠᠪᠢᠶ᠎ᠠ ᠵᠢᠳᠭᠦᠯ ᠰᠠᠶᠢᠠᠠᠦ᠋ᠯᠵᠡᠢ ᠨᠢᠭᠡ | ᠬᠦᠮᠦᠨ ᠤ ᠦᠰᠦᠨ ᠪᠣᠶᠢᠵᠢᠬᠤ ᠶᠠᠪᠤᠴᠠ ᠪᠤᠯ ᠲᠡᠰᠣᠷᠠᠯᠳᠠ ᠦᠭᠡᠢ ᠰᠣᠷᠭᠠᠨ ᠬᠦᠮᠦᠵᠢᠯ ᠬᠦᠷᠳᠡᠬᠦ ᠶᠠᠪᠤᠴᠠ ᠮᠦᠨ᠃ | ᠰᠣᠷᠭᠠᠨ ᠬᠦᠮᠦᠵᠢᠯ ᠢ ᠭᠡᠷ ᠪᠦᠯᠢ ᠶᠢᠨ ᠰᠣᠷᠭᠠᠨ ᠬᠦᠮᠦᠵᠢᠯ᠂ ᠰᠣᠷᠭᠠᠭᠤᠯᠢ ᠶᠢᠨ ᠰᠣᠷᠭᠠᠨ ᠬᠦᠮᠦᠵᠢᠯ᠂ | ᠨᠡᠶᠢᠭᠡᠮ ᠤᠨ ᠰᠣᠷᠭᠠᠨ ᠬᠦᠮᠦᠵᠢᠯ ᠭᠡᠵᠦ ᠭᠤᠷᠪᠠᠨ ᠱᠠᠳᠣ ᠬᠤᠪᠢᠶᠠᠳᠠᠭ᠃ | ᠭᠡᠷ ᠪᠦᠯᠢ ᠶᠢᠨ ᠰᠣᠷᠭᠠᠨ ᠬᠦᠮᠦᠵᠢᠯ ᠳᠤ ᠡᠬᠡ ᠶᠢᠨ ᠬᠡᠪᠡᠯᠢ ᠶᠢᠨ ᠰᠣᠷᠭᠠᠨ ᠬᠦᠮᠦᠵᠢᠯ ᠪᠠᠭᠳᠠᠳᠠᠭ᠃ ᠬᠦᠮᠦᠰ | ᠡᠬᠡ ᠶᠢᠨ ᠬᠡᠪᠡᠯᠢ ᠶᠢᠨ ᠰᠣᠷᠭᠠᠨ ᠬᠦᠮᠦᠵᠢᠯ ᠠᠴᠠ ᠠᠪᠤᠭᠠᠳ ᠨᠠᠰᠤ ᠨᠦᠭᠴᠢᠬᠦ ᠬᠦᠷᠳᠡᠯ᠎ᠡ ᠠᠮᠢᠳᠣᠷᠠᠬᠤᠢ ᠶᠢᠨ | ᠦᠵᠡᠯᠳᠡ᠂ ᠦᠷᠳᠡᠭ ᠤᠨ ᠦᠵᠡᠯᠳᠡ ᠪᠠ ᠶᠢᠷᠳᠢᠨᠴᠦ ᠶᠢᠨ ᠦᠵᠡᠯᠳᠡ ᠶᠢᠨ ᠲᠠᠯ᠎ᠠ ᠪᠠᠷ ᠲᠠᠰᠣᠷᠠᠯᠳᠠ ᠦᠭᠡᠢ | ᠪᠣᠯᠪᠠᠰᠣᠷᠠᠭᠳᠠᠨ ᠲᠡᠭᠦᠯᠳᠡᠷᠵᠢᠵᠦ᠂ ᠠᠮᠢᠳᠣᠷᠠᠯ ᠤᠨ ᠶᠤᠰᠣ ᠵᠦᠢ ᠠᠴᠠ ᠠᠪᠤᠭᠠᠳ ᠬᠦᠮᠦᠨ ᠪᠠᠶᠢᠭᠠᠯᠢ ᠲᠠᠢ ᠬᠡᠷᠬᠢᠨ | ᠵᠤᠬᠢᠴᠠᠯᠳᠣᠨ ᠣᠷᠣᠰᠢᠬᠤ ᠬᠦᠷᠳᠡᠯ᠎ᠡ ᠨᠠᠰᠣᠨ ᠲᠤᠷᠰᠢᠳᠡ ᠰᠣᠷᠣᠯᠴᠠᠬᠤ ᠶᠠᠪᠤᠴᠠ ᠮᠦᠨ᠃ ᠡᠯ᠎ᠡ ᠲᠠᠯ᠎ᠠ ᠶᠢᠨ | ᠰᠤᠷᠭᠠᠨ ᠬᠦᠮᠦᠵᠢᠯ ᠤᠨ ᠶᠠᠪᠤᠴᠠ ᠳᠤ ᠡᠬᠡᠴᠣᠣᠯ ᠤᠨ ᠦᠵᠡᠬᠦᠯᠬᠦ ᠦᠢᠯᠡᠳᠦᠯ ᠬᠡᠷᠡᠭᠴᠡᠭᠡ ᠪᠠ ᠭᠠᠪᠢᠶ᠎ᠠ ᠵᠢᠳᠬᠦᠯ ᠨᠢ | ᠣᠮᠳᠠᠭᠠᠶᠢᠯᠠᠵᠤ ᠪᠤᠯᠤᠰᠢ ᠦᠭᠡᠢ ᠬᠦᠴᠦᠨ ᠵᠢᠳᠬᠦᠯ ᠲᠠᠢ ᠪᠠᠶᠢᠳᠠᠭ᠃ ᠡᠶᠢᠮᠦ ᠠᠴᠠ ᠡᠮᠡᠭᠳᠡᠶᠢᠴᠣᠳ ᠤᠨ ᠡᠷᠬᠡ | ᠠᠰᠢᠭ ᠢ ᠬᠠᠮᠠᠭᠠᠯᠠᠵᠤ᠂ ᠡᠷᠡᠭᠳᠡᠢ ᠡᠮᠡᠭᠳᠡᠢ ᠶᠢᠨ ᠬᠠᠷᠢᠴᠠᠯ ᠢ ᠲᠡᠩᠴᠡᠭᠦᠷᠢᠰᠢᠭᠦᠯᠦᠨ᠂ ᠡᠷᠡᠭᠳᠡᠢ ᠡᠮᠡᠭᠳᠡᠢ ᠡᠷᠬᠡ | ᠲᠡᠭᠰᠢ ᠪᠠᠶᠢᠬᠤ ᠶᠢ ᠪᠠᠳᠣᠯᠠᠬᠤ ᠪᠤᠯ ᠡᠶ᠎ᠡ ᠨᠠᠶᠢᠷᠠᠮᠳᠠᠭᠤ ᠨᠡᠶᠢᠭᠡᠮ ᠢ ᠪᠦᠳᠦᠭᠡᠨ ᠪᠠᠶᠢᠭᠤᠯᠬᠤ ᠪᠠ ᠬᠦᠮᠦᠨ | ᠲᠦᠷᠦᠯᠬᠢᠳᠡᠨ ᠤ ᠨᠡᠶᠢᠭᠡᠮ ᠤᠨ ᠪᠤᠯᠪᠠᠰᠣᠨ ᠤ ᠬᠦᠭᠵᠢᠯᠳᠡ ᠶᠢ ᠲᠦᠯᠬᠢᠨ ᠠᠬᠢᠭᠤᠯᠬᠤ ᠶᠢᠨ ᠦᠨᠳᠦᠰᠦᠨ ᠪᠠᠳᠣᠯᠠᠭ᠎ᠠ | ᠮᠦᠨ᠃ | ᠮᠠᠨ ᠤ ᠮᠤᠩᠭᠤᠯ ᠦᠭᠡᠨ ᠳᠤ ︿︿ᠠᠪᠤ ᠶᠢᠨ ᠰᠣᠷᠭᠠᠯ ᠠᠯᠳᠠ᠂ ᠡᠵᠢ ᠶᠢᠨ ᠰᠣᠷᠭᠠᠯ ᠡᠷᠳᠡᠨᠢ﹀﹀ ᠭᠡᠳᠡᠭ᠃ | ᠬᠡᠯᠡᠯᠭᠡᠨ ᠦᠭᠡᠢ ᠡᠴᠢᠭᠡ ᠪᠤᠯᠤᠭᠰᠠᠳ ᠤᠨ ᠭᠡᠷ ᠪᠦᠯᠢ ᠠᠴᠠ ᠠᠪᠤᠭᠠᠳ ᠠᠵᠢᠯ ᠦᠢᠯᠡᠰ ᠵᠢᠴᠢ ᠲᠦᠷᠦ ᠬᠦᠷᠦᠨ ᠤ | ᠬᠦᠭᠵᠢᠯᠳᠡ ᠶᠢᠨ ᠦᠢᠯᠡᠰ ᠲᠤ ᠦᠵᠡᠬᠦᠯᠬᠦ ᠠᠴᠢ ᠭᠠᠪᠢᠶ᠎ᠠ ᠶᠢ ᠲᠦᠮᠡᠨ ᠣᠯᠠᠨ ᠢᠶᠠᠷ ᠢᠶᠠᠨ ᠮᠡᠳᠡᠷᠡᠳᠡᠭ᠃ ᠠᠳᠡ | ᠪᠢᠳᠡ ᠵᠦᠪᠬᠡᠨ ᠡᠬᠡᠴᠣᠣᠯ ᠤᠨ ᠰᠣᠷᠭᠠᠨ ᠬᠦᠮᠦᠵᠢᠯ ᠤᠨ ᠦᠢᠯᠡᠰ ᠲᠤ ᠦᠵᠡᠬᠦᠯᠬᠦ ᠭᠠᠪᠢᠶ᠎ᠠ ᠵᠢᠳᠬᠦᠯ ᠢ | ᠭᠤᠤᠯᠴᠢᠯᠠᠨ ᠶᠠᠷᠢᠶ᠎ᠠ᠃ ᠡᠬᠡᠴᠣᠣᠯ ᠤᠨ ᠰᠣᠷᠭᠠᠨ ᠬᠦᠮᠦᠵᠢᠯ ᠤᠨ ᠦᠢᠯᠡᠰ ᠲᠤ ᠦᠵᠡᠬᠦᠯᠬᠦ ᠭᠠᠪᠢᠶ᠎ᠠ ᠵᠢᠳᠭᠦᠯ ᠪᠠ | ᠦᠢᠯᠡᠳᠦᠯ ᠬᠡᠷᠡᠭᠴᠡᠭᠡ ᠶᠢ ᠭᠤᠤᠯᠳᠠᠭᠤ ᠢᠪᠴᠦᠦ ᠣᠳᠬ᠎ᠠ ᠪᠠ ᠲᠡᠯᠭᠡᠷᠡᠩᠭᠦᠢ ᠣᠳᠬ᠎ᠠ ᠬᠡᠬᠦ ᠬᠤᠶᠠᠷ | ᠲᠠᠯ᠎ᠠ ᠠᠴᠠ ᠣᠶᠢᠯᠠᠭᠠᠵᠤ ᠪᠤᠯᠤᠨ᠎ᠠ᠃ ᠢᠪᠴᠦᠦ ᠣᠳᠬ᠎ᠠ ᠶᠢᠨ ᠬᠤᠪᠢ ᠠᠴᠠ ᠠᠪᠴᠤ ᠦᠵᠡᠪᠡᠯ ᠭᠤᠤᠯᠳᠠᠭᠤ | ᠡᠬᠡᠴᠣᠣᠯ ᠤᠨ ᠨᠢᠭᠡ ᠭᠡᠷ ᠪᠦᠯᠢ ᠶᠢᠨ ᠰᠣᠷᠭᠠᠨ ᠬᠦᠮᠦᠵᠢᠯ ᠳᠤ ᠦᠵᠡᠭᠦᠯᠬᠦ ᠦᠢᠯᠡᠳᠦᠯ ᠪᠤᠯᠤᠨ᠎ᠠ᠃ | ᠲᠡᠯᠭᠡᠷᠡᠩᠭᠦᠢ ᠣᠳᠬ᠎ᠠ ᠶᠢᠨ ᠬᠤᠪᠢ ᠠᠴᠠ ᠠᠪᠴᠤ ᠦᠵᠡᠪᠡᠯ ᠨᠢᠭᠡᠨ ᠦᠨᠳᠦᠰᠦᠳᠡᠨ ᠣᠭᠰᠠᠭ᠎ᠠ ᠬᠢᠭᠡᠳ ᠬᠦᠮᠦᠨ | ᠲᠦᠷᠦᠯᠬᠢᠳᠡᠨ ᠤ ᠨᠡᠶᠢᠭᠡᠮ ᠤᠨ ᠬᠦᠭᠵᠢᠯᠳᠡ ᠳᠤ ᠦᠵᠡᠬᠦᠯᠬᠦ ᠦᠢᠯᠡᠳᠦᠯ ᠬᠡᠷᠡᠭᠴᠡᠭᠡ ᠪᠤᠯᠤᠨ᠎ᠠ᠃ | ᠨᠢᠭᠡ᠂ ᠡᠬᠡᠴᠣᠣᠯ ᠤᠨ ᠭᠡᠷ ᠪᠦᠯᠢ ᠶᠢᠨ ᠰᠣᠷᠭᠠᠨ ᠬᠦᠮᠦᠵᠢᠯ ᠳᠤ ᠦᠵᠡᠬᠦᠯᠬᠦ ᠦᠢᠯᠡᠳᠦᠯ ᠭᠡᠷ ᠪᠦᠯᠢ ᠪᠤᠯ | ᠨᠡᠶᠢᠭᠡᠮ ᠤᠨ ᠪᠦᠷᠢᠯᠳᠦᠭᠦᠨ ᠡᠰ ᠮᠦᠨ᠃ ᠲᠦᠭ ᠲᠦᠮᠡᠨ ᠭᠡᠷ ᠪᠦᠯᠢ ᠪᠦᠷᠢᠯᠳᠦᠭᠡᠳ ᠰᠠᠶ᠋ᠢ ᠨᠡᠶᠢᠭᠡᠮ ᠪᠤᠢ ᠪᠤᠯᠳᠠᠭ | ᠃ ᠭᠡᠷ ᠪᠦᠯᠢ ᠶᠢᠨ ᠲᠤᠮᠳᠠ ᠡᠬᠡ ᠬᠦᠮᠦᠨ ᠤ ᠦᠵᠡᠭᠦᠯᠬᠦ ᠦᠢᠯᠡᠳᠦᠯ ᠬᠡᠷᠡᠭᠴᠡᠭᠡ ᠪᠠ ᠠᠴᠢ ᠲᠤᠰᠠ | ᠲᠤᠩ ᠶᠡᠭᠡ ᠪᠠᠶᠢᠳᠠᠭ᠃ ᠠᠬᠠᠮᠠᠳ ᠨᠠᠰᠣᠳᠠᠨ ᠢᠶᠠᠨ ᠠᠰᠠᠷᠠᠬᠤ ᠠᠴᠠ ᠠᠪᠤᠭᠠᠳ ᠦᠷ᠎ᠡ ᠬᠡᠤᠬᠡᠳ ᠢᠶᠠᠨ ᠰᠣᠷᠭᠠᠨ | ᠬᠦᠮᠦᠵᠢᠭᠦᠯᠬᠦ︔ ᠬᠡᠷ ᠤᠨ ᠲᠤᠳᠣᠨᠠ ᠭᠠᠳᠠᠨᠠᠬᠢ ᠠᠷᠰᠠᠷ ᠠᠵᠢᠯ ᠠᠴᠠ ᠠᠪᠤᠭᠠᠳ ᠡᠳ᠋ ᠮᠦᠩᠬᠦ ᠢᠶᠠᠨ ᠵᠤᠬᠢᠰᠳᠠᠢ | ᠬᠠᠮᠢᠶᠠᠷᠬᠤ ᠪᠠ ᠰᠢᠨᠵᠢᠯᠡᠬᠦ ᠣᠬᠠᠭᠠᠨᠴᠢ ᠪᠠᠷ ᠲᠤᠬᠢᠷᠠᠭᠤᠯᠬᠤ︔ ᠭᠡᠷ ᠪᠦᠯᠢ ᠶᠢᠨ ᠬᠦᠮᠦᠰ ᠤᠨ ᠡᠷᠡᠭᠦᠯ ᠮᠡᠨᠳᠦ ᠶᠢ | ᠠᠩᠬᠠᠷᠣᠨ ᠬᠠᠯᠠᠮᠵᠢᠯᠠᠬᠤ ᠠᠴᠠ ᠠᠪᠤᠭᠠᠳ ᠰᠢᠯᠢᠳᠡᠭ ᠰᠠᠶᠢᠬᠠᠨ ᠬᠡᠷ ᠪᠦᠯᠢ ᠶᠢᠨ ᠰᠣᠷᠳᠠᠯ ᠢ ᠪᠤᠢ ᠪᠤᠯᠭᠠᠬᠤ ᠳᠤ | ᠬᠦᠷᠳᠡᠯ᠎ᠡ ᠡᠬᠡᠴᠣᠣᠯ ᠤᠨ ᠭᠡᠷ ᠪᠦᠯᠢ ᠶᠢᠨ ᠪᠦᠳᠦᠭᠡᠨ ᠪᠠᠶᠢᠭᠤᠯᠤᠯᠳᠠ ᠳᠤ ᠦᠵᠡᠬᠦᠯᠬᠦ ᠦᠢᠯᠡᠳᠦᠯ ᠲᠣᠩ ᠦᠷᠭᠡᠨ | ᠲᠡᠯᠭᠡᠷ ᠪᠠᠶᠢᠳᠠᠭ᠃ ᠨᠡᠩ ᠣᠨᠴᠠᠭᠠᠶᠢᠯᠠᠨ ᠬᠤᠶᠢᠰᠢ ᠦᠶ᠎ᠡ ᠪᠠᠨ ᠬᠦᠮᠦᠵᠢᠬᠦᠯᠬᠦ᠂ ᠦᠨᠳᠦᠰᠦᠳᠡᠨ ᠣᠭᠰᠠᠭ᠎ᠠ ᠪᠠᠨ | ᠵᠠᠯᠭᠠᠮᠵᠢᠯᠠᠬᠤ ᠲᠠᠯ᠎ᠠ ᠪᠠᠷ ᠶᠠᠷᠢᠶᠠᠨ ᠦᠭᠡᠢ ᠡᠷᠡᠭᠳᠡᠢ ᠬᠦᠮᠦᠨ ᠣᠷᠣᠯᠠᠭᠤᠯᠵᠤ ᠪᠤᠯᠤᠰᠢ ᠦᠭᠡᠢ ᠠᠭᠤᠤ ᠲᠠᠷᠬᠠᠨ | ᠠᠴᠢ ᠭᠠᠪᠢᠶ᠎ᠠ ᠲᠠᠢ ᠪᠠᠶᠢᠳᠠᠭ᠃ ᠡᠭᠦᠨ ᠳᠤ ᠣᠷᠢᠳᠠᠯ ᠨᠦᠬᠦᠴᠡᠯ ᠨᠢ ᠲᠠᠷᠦᠢ ᠡᠮᠡᠭᠳᠡᠶᠢᠴᠣᠳ ᠤᠨ ᠬᠤᠪᠢ ᠪᠡᠶ᠎ᠡ | ᠶᠢᠨ ᠬᠡᠪ ᠴᠢᠨᠠᠷ ᠢᠶᠠᠨ ᠲᠠᠰᠣᠷᠠᠯᠳᠠ ᠦᠭᠡᠢ ᠲᠡᠭᠡᠭᠰᠢᠯᠡᠬᠦᠯᠬᠦ ᠶᠠᠪᠤᠳᠠᠯ ᠪᠤᠯᠤᠨ᠎ᠠ᠃ | ᠣᠳᠣᠮᠰᠢᠯ ᠤᠨ ᠭᠧᠨ ᠤ ᠰᠣᠳᠣᠯᠣᠯᠳᠠ ᠠᠴᠠ ᠠᠪᠴᠣ ᠦᠵᠡᠪᠡᠯ ᠬᠡᠣᠬᠡᠳ ᠤᠨ ᠬᠢᠨᠢ ᠰᠡᠴᠡᠨ ᠰᠡᠷᠭᠦᠯᠡᠩ | ᠡᠷᠡᠭᠦᠯ ᠴᠢᠬᠢᠷᠠᠭ ᠪᠠᠶᠢᠬᠤ ᠡᠰᠡᠬᠦ ᠨᠢ ᠭᠤᠤᠯᠳᠠᠭᠤ ᠡᠬᠡ ᠶᠢᠨ ᠬᠢᠨᠢ ᠣᠶᠣᠨ ᠤᠬᠠᠭᠠᠨ ᠬᠢᠭᠡᠳ ᠪᠡᠶ᠎ᠡ | ᠮᠠᠬᠠᠪᠤᠳ ᠤᠨ ᠪᠠᠶᠢᠳᠠᠯ ᠢᠶᠠᠷ ᠲᠤᠭᠳᠠᠭᠠᠭᠳᠠᠬᠤ ᠪᠤᠯᠤᠨ᠎ᠠ᠃ ᠡᠨᠡ ᠨᠢ ᠲᠠᠷᠦᠢ ᠨᠢᠭᠡᠨ ᠡᠮᠡᠭᠳᠡᠢ ᠬᠦᠮᠦᠨ ᠤ ᠬᠤᠶᠢᠰᠢ | ᠦᠶ᠎ᠡ ᠪᠠᠨ ᠨᠦᠯᠦᠭᠡᠯᠡᠬᠦ ᠨᠦᠯᠦᠭᠡ ᠲᠤᠰᠬᠠᠯ ᠬᠡᠴᠢᠨᠡᠨ ᠶᠡᠭᠡ ᠭᠡᠳᠡᠭ ᠢ ᠣᠶᠢᠯᠠᠭᠠᠵᠤ ᠪᠤᠯᠤᠨ᠎ᠠ᠃ ᠡᠷᠡᠭᠦᠯ | ᠮᠡᠨᠳᠦ ᠶᠢᠨ ᠣᠬᠠᠭᠠᠨ ᠤ ᠰᠣᠳᠣᠯᠣᠯᠳᠠ ᠪᠠᠷ ᠠᠪᠴᠣ ᠦᠵᠡᠪᠡᠯ ᠨᠢᠭᠡ ᠬᠦᠮᠦᠨ ᠤ ᠡᠷᠡᠭᠦᠯ ᠮᠡᠨᠳᠦ ᠨᠢ ᠭᠤᠷᠪᠠᠨ | ᠦᠶ᠎ᠡ ᠶᠢ ᠨᠦᠯᠦᠭᠡᠯᠡᠨ᠎ᠡ ᠭᠡᠳᠡᠭ᠃ ᠡᠶᠢᠮᠦ ᠠᠴᠠ ᠡᠮᠡᠭᠳᠡᠶᠢᠴᠣᠳ ᠤᠨ ᠣᠶᠣᠨ ᠣᠬᠠᠭᠠᠨ ᠤ ᠬᠦᠭᠵᠢᠯᠳᠡ ᠪᠠ ᠪᠡᠶ᠎ᠡ | ᠰᠡᠳᠭᠢᠴᠡ ᠶᠢᠨ ᠲᠠᠯ᠎ᠠ ᠪᠠᠷ ᠡᠷᠡᠭᠦᠯ ᠰᠠᠷᠠᠭᠤᠯ ᠪᠠᠶᠢᠬᠤ ᠶᠠᠪᠤᠳᠠᠯ ᠪᠤᠯ ᠨᠢᠭᠡᠨ ᠭᠡᠷ ᠪᠦᠯᠢ ᠶᠢᠨ ᠦᠭᠡᠳᠡᠯᠡᠨ ᠮᠠᠨᠳᠣᠬᠤ | ᠪᠠ ᠦᠷᠨᠢᠨ ᠬᠦᠭᠵᠢᠬᠦ ᠳᠤ ᠲᠤᠩ ᠬᠦᠨ ᠭᠦᠨᠵᠡᠬᠡᠢ ᠠᠴᠢ ᠬᠤᠯᠪᠤᠭᠳᠠᠯ ᠲᠠᠢ ᠪᠠᠶᠢᠳᠠᠭ᠃ | ︿︿ᠠᠪᠤ ᠶᠢᠨ ᠬᠡᠤᠬᠡᠳ ᠠᠳᠠᠯᠢ ᠦᠭᠡᠢ᠂ ᠠᠷᠪᠠᠨ ᠬᠤᠷᠤᠭᠤ ᠲᠡᠭᠰᠢ ᠦᠭᠡᠢ﹀﹀ ᠭᠡᠳᠡᠭᠴᠢᠯᠡᠨ ᠲᠡᠭᠷᠢ ᠶᠢᠨ | ᠲᠤᠤᠷᠠᠬᠢ ᠦᠢ ᠣᠯᠠᠨ ᠡᠬᠡᠴᠣᠣᠯ ᠢ ᠴᠦᠮ ᠬᠢᠷᠢ ᠲᠡᠩᠴᠡᠭᠰᠡᠨ ᠬᠡᠵᠦ ᠦᠨᠡᠯᠡᠬᠦ ᠶᠢᠨ ᠠᠷᠭ᠎ᠠ ᠦᠭᠡᠢ ᠶᠤᠮ᠃ | ᠡᠬᠦᠨ ᠳᠤ ᠵᠠᠷᠢᠮ ᠭᠡᠷ ᠪᠦᠯᠢ ᠶᠢᠨ ᠡᠬᠡᠴᠣᠣᠯ ᠨᠢ ᠡᠳᠦᠷᠵᠢᠨ ᠠᠷᠢᠬᠢᠨ ᠳᠤ ᠰᠣᠭᠳᠣᠵᠣ᠂ ᠮᠠᠵᠢᠶᠠᠩ ᠬᠦᠵᠦᠷ | ᠮᠦᠷᠦᠶᠢᠴᠡᠵᠦ᠂ ᠪᠤᠵᠠᠷ ᠬᠠᠷᠢᠶᠠᠯ ᠶᠠᠷᠢᠬᠤ᠂ ᠬᠡᠣᠬᠡᠳ ᠢᠶᠠᠨ ᠬᠡᠷᠬᠢᠨ ᠬᠦᠮᠦᠵᠢᠬᠦᠯᠬᠦ ᠲᠤᠬᠠᠢ ᠰᠠᠨᠠᠭᠠᠰᠢᠷᠠᠬᠤ ᠦᠭᠡᠢ | ᠬᠡᠬᠦ ᠮᠡᠳᠦ ᠶᠢᠨ ᠠᠰᠠᠭᠤᠳᠠᠯ ᠵᠦᠩᠳᠡᠭᠡᠨ ᠣᠷᠣᠰᠢᠵᠣ ᠪᠠᠶᠢᠳᠠᠭ᠃ ᠡᠳᠡᠭᠡᠷ ᠪᠠᠶᠢᠳᠠᠯ ᠢ ᠬᠤᠪᠢᠷᠠᠭᠤᠯᠤᠶ᠎ᠠ ᠬᠡᠪᠡᠯ | ᠪᠢᠳᠡ ᠵᠠᠪᠠᠯ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠳᠡᠢ᠃ ᠨᠡᠶᠢᠭᠡᠮ ᠶᠢᠨ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠳᠤ ᠬᠡᠯᠡᠯᠭᠡᠨ ᠦᠭᠡᠢ ᠰᠣᠷᠭᠠᠨ ᠬᠦᠮᠦᠵᠢᠯ ᠪᠠ ᠰᠣᠷᠳᠠᠯ | ᠣᠬᠠᠭᠤᠯᠭ᠎ᠠ ᠳᠤ ᠲᠦᠰᠢᠭᠯᠡᠨ᠎ᠡ᠃ ᠡᠬᠦᠨ ᠳᠤ ᠵᠤᠬᠢᠶᠠᠨ ᠪᠠᠶᠢᠭᠤᠯᠤᠯᠳᠠ ᠵᠢᠱᠢᠶᠡᠯᠡᠪᠡᠯ ᠨᠡᠶᠢᠭᠡᠮ ᠲᠤᠭᠤᠷᠢᠭ᠂ | ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠠᠴᠠ ᠬᠤᠷᠠᠯ ᠰᠣᠷᠣᠯᠴᠠᠯᠭ᠎ᠠ ᠶᠢ ᠡᠷᠬᠢᠯᠡᠬᠦ᠂ ᠣᠯᠠᠨ | ᠲᠦᠮᠡᠨ ᠤ ᠲᠤᠷ᠎ᠠ ᠪᠠᠭ᠋ᠠᠳᠣ ᠬᠦᠳᠡᠯᠭᠡᠭᠡᠨ ᠢ ᠦᠷᠨᠢᠬᠦᠯᠬᠦ᠂ ᠰᠢᠯᠢᠳᠡᠭ ᠰᠠᠶᠢᠨ ᠭᠡᠷ ᠪᠦᠯᠢ ᠶᠢᠨ ᠲᠤᠷᠰᠢᠯᠭ᠎ᠠ ᠪᠠᠨ | ᠰᠣᠯᠢᠯᠴᠠᠬᠤ ᠬᠡᠬᠦ ᠮᠡᠳᠦ ᠪᠠᠷ ᠰᠢᠯᠢᠳᠡᠭ ᠰᠠᠶᠢᠬᠠᠨ ᠭᠡᠷ ᠪᠦᠯᠢ ᠶᠢᠨ ᠰᠣᠷᠳᠠᠯ ᠢ ᠪᠤᠢ ᠪᠤᠯᠭᠠᠵᠤ ᠣᠯᠠᠨ ᠲᠦᠮᠡᠨ ᠤ | ᠰᠣᠷᠣᠯᠴᠠᠬᠤ ᠲᠠᠭᠤᠷᠢᠶᠠᠯ ᠢ ᠪᠠᠳᠠᠷᠠᠭᠤᠯᠬᠤ ᠬᠡᠷᠡᠭᠳᠡᠢ᠃ | ᠭᠡᠷ ᠪᠦᠯᠢ ᠶᠢᠨ ᠰᠣᠷᠭᠠᠨ ᠬᠦᠮᠦᠵᠢᠯ ᠳᠤ ᠡᠬᠡ ᠡᠴᠢᠭᠡ ᠪᠤᠯ ᠬᠠᠮᠤᠭ ᠠᠩᠬᠠᠨ ᠤ ᠪᠠᠭᠰᠢ ᠮᠦᠨ ᠭᠡᠳᠡᠭ᠃ ᠡᠬᠡ | ᠡᠴᠢᠭᠡ ᠶᠢᠨ ᠶᠠᠯᠢᠮ ᠦᠭᠡᠢ ᠵᠢᠭᠠᠬᠠᠨ ᠬᠦᠳᠡᠯᠦᠯ ᠪᠠᠷᠢᠯ᠂ ᠦᠢᠯᠡ ᠠᠵᠢᠯᠯᠠᠭ᠎ᠠ ᠶᠤᠰᠣ ᠵᠠᠩᠰᠢᠯ ᠵᠡᠷᠭᠡ ᠨᠢ | ᠬᠡᠣᠬᠡᠳ ᠤᠨ ᠪᠠᠯᠴᠢᠷ ᠪᠠᠭ᠎ᠠ ᠶᠢᠨ ᠣᠶᠣᠨ ᠲᠠᠷᠢᠬᠢᠨ ᠳᠤ ᠮᠠᠷᠳᠠᠭᠳᠠᠰᠢ ᠦᠭᠡᠢ ᠬᠦᠨ ᠨᠦᠯᠦᠭᠡ ᠪᠤᠯᠳᠠᠭ᠃ ᠨᠡᠩ | ᠣᠨᠴᠠᠭᠠᠶᠢᠯᠠᠨ ᠡᠬᠡᠴᠣᠣᠯ ᠤᠨ ᠣᠶᠣᠨ ᠣᠬᠠᠭᠠᠨ᠂ ᠦᠵᠡᠯᠳᠡ ᠲᠠᠨᠢᠯᠳᠠ᠂ ᠬᠡᠪ ᠪᠤᠯᠪᠠᠰᠣᠷᠠᠯ ᠶᠠᠮᠠᠷ ᠪᠠᠶᠢᠬᠤ | ᠡᠰᠡᠬᠦ ᠨᠢ ᠬᠡᠣᠬᠡᠳ ᠤᠨ ᠪᠦᠬᠦ ᠲᠠᠯ᠎ᠠ ᠶᠢᠨ ᠬᠦᠭᠵᠢᠯᠳᠡ ᠶᠢ ᠰᠢᠭᠤᠳ ᠨᠦᠯᠦᠭᠡᠯᠡᠳᠡᠭ ᠪᠤᠯᠬᠤᠷ ᠶᠢᠨ ᠭᠡᠷ ᠪᠦᠯᠢ ᠶᠢᠨ | ᠰᠣᠷᠭᠠᠨ ᠬᠦᠮᠦᠵᠢᠯ ᠤᠨ ᠶᠠᠪᠤᠴᠠ ᠳᠤ ᠡᠬᠡᠴᠣᠣᠯ ᠤᠨ ᠰᠣᠶᠣᠯ ᠪᠤᠯᠪᠠᠰᠣᠷᠠᠯ ᠢ ᠵᠠᠪᠠᠯ ᠬᠦᠨᠳᠦᠳᠭᠡᠨ ᠦᠵᠡᠬᠦ | ᠬᠡᠷᠡᠭᠳᠡᠢ᠃ | ᠬᠤᠶᠠᠷ᠂ ᠡᠬᠡᠴᠣᠣᠯ ᠤᠨ ᠦᠨᠳᠦᠰᠦᠳᠡᠨ ᠣᠭᠰᠠᠭ᠎ᠠ ᠶᠢᠨ ᠬᠦᠭᠵᠢᠯᠳᠡ ᠳᠤ ᠦᠵᠡᠬᠦᠯᠬᠦ ᠦᠢᠯᠡᠳᠦᠯ ᠨᠢᠭᠡᠨ | ᠦᠨᠳᠦᠰᠦᠳᠡᠨ ᠤ ᠮᠠᠨᠳᠣᠵᠣ ᠲᠤᠷᠣᠶᠢᠳᠠᠬᠤ ᠪᠠ ᠦᠭᠡᠳᠡᠯᠡᠨ ᠬᠦᠭᠵᠢᠬᠦ ᠠᠰᠠᠭᠤᠳᠠᠯ ᠳᠤ ᠡᠮᠡᠭᠳᠡᠢ ᠬᠦᠮᠦᠨ ᠮᠦᠨ ᠯᠡ | ᠵᠠᠩᠭᠢᠯᠠᠭ᠎ᠠ ᠶᠢᠨ ᠦᠢᠯᠡᠳᠦᠯ ᠦᠵᠡᠭᠦᠯᠳᠡᠭ᠃ ᠮᠠᠨ ᠤ ᠮᠤᠩᠭᠤᠯ ᠦᠨᠳᠦᠰᠦᠳᠡᠨ ᠪᠤᠯ ᠲᠤᠮᠳᠠᠳᠣ ᠶᠢᠨ ᠲᠠᠪᠢᠨ | ᠵᠢᠷᠭᠤᠭᠠᠨ ᠦᠨᠳᠦᠰᠦᠳᠡᠨ ᠤ ᠲᠤᠮᠳᠠᠬᠢ ᠨᠢᠭᠡᠨ ᠪᠦᠷᠢᠯᠳᠦᠭᠦᠨ᠃ ᠲᠡᠪᠢᠨ ᠵᠢᠷᠭᠤᠭᠠᠨ ᠦᠨᠳᠦᠰᠦᠳᠡᠨ ᠪᠦᠬᠦᠨ | ᠴᠦᠮ ᠦᠪᠡᠷ ᠦᠪᠡᠷ ᠤᠨ ᠰᠣᠶᠣᠯ ᠤᠨ ᠰᠣᠳᠣᠨ ᠭᠠᠶᠢᠬᠠᠮᠰᠢᠭ ᠲᠠᠢ ᠪᠠᠶᠢᠳᠠᠭ ᠪᠦᠭᠡᠳ ᠦᠪᠡᠷᠮᠢᠴᠡ ᠣᠨᠴᠠᠯᠢᠭ | ᠰᠢᠨᠵᠢ ᠲᠠᠢ ᠪᠠᠶᠢᠳᠠᠭ᠃ ᠲᠤᠬᠠᠶᠢᠯᠠᠪᠠᠯ ᠲᠡᠳᠡᠨ ᠤ ᠠᠮᠢᠳᠣᠷᠠᠯ ᠤᠨ ᠵᠠᠩ ᠵᠠᠩᠰᠢᠯ᠂ ᠰᠣᠷᠭᠠᠨ ᠬᠦᠮᠦᠵᠢᠯ᠂ ᠱᠠᠰᠢᠨ | ᠰᠢᠳᠦᠯᠭᠡ᠂ ᠢᠳᠡᠭᠡᠯ ᠪᠢᠰᠢᠷᠡᠯ ᠬᠢᠭᠡᠳ ᠦᠵᠡᠯᠳᠡ ᠲᠠᠨᠢᠯᠳᠠ ᠵᠡᠷᠭᠡ ᠲᠠᠯ᠎ᠠ ᠪᠠᠷ ᠴᠦᠮ ᠠᠳᠠᠯᠢ ᠪᠤᠰᠣ | ᠣᠨᠴᠠᠯᠢᠭ ᠲᠠᠢ ᠪᠠᠶᠢᠳᠠᠭ᠃ ᠪᠢᠳᠡ ᠦᠨᠳᠦᠰᠦᠳᠡᠨ ᠪᠦᠬᠦᠨ ᠤ ᠦᠪᠡᠷᠮᠢᠴᠡ ᠵᠠᠩ ᠵᠠᠩᠰᠢᠯ ᠢ ᠬᠦᠨᠳᠦᠳᠭᠡᠵᠦ᠂ | ᠣᠯᠠᠮᠵᠢᠯᠠᠯᠳᠣ ᠰᠣᠶᠣᠯ ᠤᠨ ᠲᠠᠷᠬᠠᠨ ᠦᠪ ᠢ ᠰᠣᠷᠣᠯᠴᠠᠨ ᠲᠡᠯᠭᠡᠷᠡᠬᠦᠯᠬᠦ ᠴᠢᠬᠤᠯᠠ ᠲᠠᠢ᠃ | ᠮᠠᠨ ᠤ ᠮᠤᠩᠭᠤᠯ ᠦᠨᠳᠦᠰᠦᠳᠡᠨ ᠲᠡᠤᠬᠡᠨ ᠠᠴᠠ ᠠᠪᠤᠭᠠᠳ ᠠᠭᠤᠤ ᠡᠬᠡᠴᠣᠣᠯ ᠤᠨ ᠠᠴᠢ ᠭᠠᠪᠢᠶ᠎ᠠ ᠪᠠ | ᠦᠢᠯᠡᠳᠦᠯ ᠬᠡᠷᠡᠭᠴᠡᠭᠡ ᠶᠢ ᠬᠠᠷᠠᠭᠤᠯᠤᠭᠰᠠᠨ ᠦᠯᠢᠭᠡᠷ ᠲᠤᠮᠤᠭ ᠣᠯᠠᠨ ᠪᠠᠶᠢᠳᠠᠭ᠃ ᠵᠢᠱᠢᠶᠡᠯᠡᠪᠡᠯ᠂ ᠮᠤᠩᠭᠤᠯ ᠤᠨ | ᠡᠷᠳᠡᠨ ᠤ ᠲᠡᠤᠬᠡᠨ ᠳᠤ ︿︿ᠠᠯᠤᠨ ᠭᠤᠸ᠎ᠠ ᠡᠬᠡ ᠲᠠᠪᠤᠨ ᠮᠦᠰᠦ ᠪᠠᠷ ᠬᠡᠤᠬᠡᠳ ᠢᠶᠠᠨ ᠰᠣᠷᠭᠠᠭᠰᠠᠨ ᠲᠤᠮᠤᠭ﹀﹀ | ᠲᠤ ᠠᠯᠤᠨ ᠭᠤᠸ᠎ᠠ ᠡᠬᠡ ᠶᠢᠨ ᠴᠡᠴᠡᠨ ᠮᠡᠷᠭᠡᠨ ᠤᠢ ᠤᠬᠠᠭᠠᠨ ᠪᠠ ᠪᠦᠯᠬᠦᠮᠳᠡᠯ ᠡᠪ ᠨᠠᠶᠢᠷ ᠢ ᠡᠷᠬᠢᠮᠯᠡᠭᠰᠡᠨ ᠦᠨᠡᠳᠦ | ᠦᠪ ᠰᠣᠷᠭᠠᠯ ᠨᠢ ᠣᠳᠣ ᠳᠤ ᠬᠦᠷᠳᠡᠯ᠎ᠡ ᠮᠤᠩᠭᠤᠯᠴᠣᠳ ᠤᠨ ᠲᠤᠮᠳᠠ ᠣᠯᠠᠮᠵᠢᠯᠠᠭᠳᠠᠨ ᠲᠡᠯᠭᠡᠷᠡᠭᠰᠡᠭᠡᠷ ᠪᠠᠶᠢᠭ᠎ᠠ | ᠪᠦᠭᠡᠳ ᠪᠤᠰᠣᠳ ᠠᠬ᠎ᠠ ᠲᠡᠬᠦᠦ ᠦᠨᠳᠦᠰᠦᠳᠡᠨ ᠤ ᠰᠣᠷᠣᠯᠴᠠᠨ ᠲᠡᠯᠭᠡᠷᠡᠬᠦᠯᠬᠦ ᠦᠯᠢᠭᠡᠷ ᠵᠢᠱᠢᠶ᠎ᠡ ᠪᠤᠯᠵᠤ ᠪᠠᠶᠢᠳᠠᠭ᠃ | ᠡᠭᠦᠨ ᠠᠴᠠ ᠭᠠᠳᠠᠨ᠎ᠠ ᠴᠢᠩᠭᠢᠰ ᠬᠠᠭᠠᠨ ᠠᠽᠢᠶ᠎ᠠ ᠡᠸᠦ᠋ᠷᠦᠹᠠ ᠶᠢ ᠨᠢᠭᠡᠳᠭᠡᠭᠰᠡᠨ ᠲᠠᠶᠢᠴᠢᠨ ᠢᠷᠠᠭᠤ ᠠᠯᠳᠠᠷ ᠨᠢ | ᠲᠡᠭᠦᠨ ᠤ ᠡᠬᠡ᠂ ᠦᠭᠡᠯᠦᠨ ᠬᠠᠳᠣᠨ ᠤ ᠠᠴᠢ ᠭᠠᠪᠢᠶ᠎ᠠ ᠠᠴᠠ ᠰᠠᠯᠵᠤ ᠪᠤᠯᠤᠰᠢ ᠦᠭᠡᠢ ᠨᠢᠭᠳᠠ ᠬᠠᠷᠢᠴᠠᠭ᠎ᠠ ᠲᠠᠢ | ᠪᠠᠶᠢᠳᠠᠭ ᠶᠤᠮ᠃ | ᠦᠭᠡᠯᠦᠨ ᠬᠠᠳᠣᠨ ᠠᠴᠠ ᠲᠡᠮᠦᠵᠢᠨ ᠢ ᠬᠠᠷᠠᠬᠠᠨ ᠪᠠᠭ᠎ᠠ ᠠᠴᠠ ᠨᠢ ᠬᠦᠴᠢᠷ ᠪᠡᠷᠬᠡ ᠶᠢᠨ ᠲᠤᠮᠳᠠ ᠲᠠᠪᠳᠠᠨ | ᠪᠤᠯᠪᠠᠰᠣᠷᠠᠭᠤᠯᠵᠤ ᠡᠭᠦᠨ ᠤ ᠣᠯᠠᠮ ᠠᠴᠠ ᠬᠡᠷᠬᠢᠨ ᠬᠦᠮᠦᠨ ᠪᠤᠯᠬᠤ ᠶᠤᠰᠣ ᠣᠴᠢᠷ ᠢ ᠬᠦᠨᠵᠡᠭᠡᠢ ᠲᠠᠨᠢᠭᠤᠯᠤᠨ᠂ | ᠪᠦᠬᠦ ᠮᠤᠩᠭᠤᠯ ᠢ ᠨᠢᠭᠡᠳᠭᠡᠬᠦ ᠳᠤ ᠣᠶᠣᠨ ᠰᠠᠨᠠᠭᠠᠨ ᠤ ᠰᠢᠮ᠎ᠡ ᠲᠡᠵᠢᠭᠡᠯ ᠢ ᠬᠠᠩᠭᠠᠵᠤ ᠦᠭᠭᠦᠭᠰᠡᠨ ᠪᠠᠶᠢᠳᠠᠭ᠃ | ᠡᠶᠢᠮᠦ ᠠᠴᠠ ᠨᠢᠭᠡᠨ ᠦᠨᠳᠦᠰᠦᠳᠡᠨ ᠣᠭᠰᠠᠭ᠎ᠠ ᠶᠢᠨ ᠮᠠᠨᠳᠣᠵᠣ ᠲᠤᠷᠣᠶᠢᠳᠠᠬᠤ ᠪᠠ ᠦᠭᠡᠳᠡᠯᠡᠨ ᠬᠦᠭᠵᠢᠬᠦ | ᠶᠠᠪᠤᠴᠠ ᠳᠤ ᠡᠮᠡᠭᠳᠡᠢ ᠬᠦᠮᠦᠨ ᠤ ᠠᠴᠢ ᠭᠠᠪᠢᠶ᠎ᠠ ᠬᠢᠭᠡᠳ ᠦᠢᠯᠡᠳᠦᠯ ᠨᠢ ᠵᠦᠢᠷᠯᠡᠰᠢ ᠦᠭᠡᠢ ᠶᠡᠭᠡ ᠪᠠᠶᠢᠳᠠᠭ᠃ | ᠬᠡᠪᠡᠴᠦ ᠮᠠᠨ ᠤ ᠣᠯᠣᠰ ᠤᠨ ᠶᠠᠳᠠᠭᠤ ᠬᠤᠴᠤᠷᠤᠩᠭᠤᠢ ᠭᠠᠵᠠᠷ ᠣᠷᠣᠨ ᠢᠶᠠᠷ ᠣᠳᠣ ᠳᠤ ᠲᠤᠯᠳᠠᠯ᠎ᠠ ᠬᠦᠦ ᠪᠤᠯᠤᠨ | ᠦᠬᠢᠨ ᠬᠡᠣᠬᠡᠳ ᠢ ᠠᠳᠠᠯᠢ ᠲᠡᠭᠰᠢ ᠪᠠᠷ ᠦᠵᠡᠳᠡᠭ ᠦᠭᠡᠢ ᠹᠸᠣᠳᠠᠯ ᠤᠨ ᠦᠵᠡᠯ ᠰᠠᠨᠠᠭᠠᠨ ᠤ ᠨᠦᠯᠦᠭᠡ ᠲᠤᠰᠬᠠᠯ | ᠣᠷᠣᠰᠢᠭᠰᠠᠭᠠᠷ ᠶᠤᠮ᠃ ᠬᠡᠷᠪᠡ ᠠᠮᠢᠳᠣᠷᠠᠯ ᠤᠨ ᠬᠦᠴᠢᠷᠳᠡᠯ ᠠᠴᠠ ᠪᠤᠯᠵᠤ ᠬᠡᠳᠦᠨ ᠬᠡᠣᠬᠡᠳ ᠤᠨ ᠲᠤᠮᠳᠠ ᠠᠴᠠ | ᠵᠠᠪᠠᠯ ᠠᠯᠢ ᠨᠢᠭᠡ ᠶᠢ ᠨᠢ ᠰᠣᠷᠣᠯᠭ᠎ᠠ ᠠᠴᠠ ᠨᠢ ᠵᠤᠭᠰᠣᠭᠠᠬᠤ ᠴᠢᠬᠤᠯᠠ ᠲᠠᠢ ᠦᠶ᠎ᠡ ᠳᠤ ᠠᠪᠤ ᠡᠵᠢ ᠭᠡᠷ ᠤᠨ | ᠠᠬᠠᠮᠠᠳ ᠣᠷᠢᠳᠠᠪᠠᠷ ᠵᠠᠪᠠᠯ ᠦᠬᠢᠨ ᠬᠡᠣᠬᠡᠳ ᠢᠶᠠᠨ ᠰᠣᠷᠣᠯᠭ᠎ᠠ ᠠᠴᠠ ᠨᠢ ᠲᠤᠳᠠᠭᠤ ᠵᠤᠭᠰᠣᠭᠠᠳᠠᠭ᠃ | ᠦᠨᠡᠨ ᠳᠤ ᠪᠠᠨ ᠦᠨᠳᠦᠰᠦᠳᠡᠨ ᠤ ᠠᠯᠣᠰ ᠬᠡᠳᠦ ᠶᠢᠨ ᠠᠴᠢ ᠬᠤᠯᠪᠤᠭᠳᠠᠯ ᠬᠢᠭᠡᠳ ᠬᠦᠨ ᠬᠦᠨᠵᠡᠭᠡᠢ ᠣᠳᠬ᠎ᠠ | ᠠᠭᠤᠯᠭ᠎ᠠ ᠠᠴᠠ ᠠᠪᠴᠣ ᠦᠵᠡᠪᠡᠯ ᠦᠬᠢᠨ ᠬᠡᠣᠬᠡᠳ ᠤᠨ ᠦᠵᠡᠬᠦᠯᠬᠦ ᠦᠢᠯᠡᠳᠦᠯ ᠪᠠ ᠠᠴᠢ ᠬᠤᠯᠪᠤᠭᠳᠠᠯ ᠨᠢ ᠨᠡᠩ | ᠴᠢᠬᠤᠯᠠ ᠪᠠᠶᠢᠳᠠᠭ᠃ | ᠦᠬᠢᠨ ᠬᠡᠤᠬᠡᠳ ᠰᠣᠷᠭᠠᠭᠤᠯᠢ ᠰᠣᠶᠣᠯ ᠤᠨ ᠮᠦᠷ ᠢ ᠬᠦᠭᠡᠭᠡᠬᠦ ᠪᠠᠷ ᠲᠠᠮᠵᠢᠨ ᠲᠡᠳᠡᠨ ᠤ ᠮᠡᠳᠡᠯᠭᠡ ᠴᠢᠳᠠᠪᠦᠷᠢ | ᠨᠡᠮᠡᠭᠳᠡᠵᠦ᠂ ᠦᠵᠡᠯᠳᠡ ᠲᠠᠨᠢᠯᠳᠠ ᠰᠢᠨᠡᠳᠴᠦ᠂ ᠲᠠᠷᠢᠬᠢ ᠲᠤᠯᠤᠭᠠᠢ ᠨᠡᠭᠡᠭᠡᠭᠳᠡᠨ ᠠᠰᠠᠭᠤᠳᠠᠯ ᠢ ᠰᠢᠢᠳᠪᠦᠷᠢᠯᠡᠬᠦ | ᠠᠷᠭ᠎ᠠ ᠠᠪᠴᠠᠯ ᠪᠦᠬᠦᠨ ᠨᠢ ᠴᠦᠮ ᠦᠨᠳᠦᠷᠵᠢᠳᠡᠭ᠃ ᠡᠳᠡᠭᠡᠷ ᠬᠡᠤᠬᠡᠳ ᠬᠤᠵᠢᠮ ᠭᠡᠷ ᠡᠷᠦᠬᠡ ᠲᠠᠢ ᠪᠤᠯᠵᠤ | ᠦᠪᠡᠷ ᠢᠶᠠᠨ ᠬᠡᠤᠬᠡᠳ ᠤᠨ ᠡᠬᠡ ᠪᠤᠯᠬᠤ ᠦᠶ᠎ᠡ ᠳᠤ ᠬᠡᠤᠬᠡᠳ ᠢᠶᠠᠨ ᠰᠣᠷᠭᠠᠬᠤ᠂ ᠨᠢᠭᠡ ᠭᠡᠷ ᠪᠦᠯᠢ ᠶᠢ ᠲᠤᠳᠤᠮᠳᠠᠬᠤ | ᠂ ᠠᠵᠢᠯ ᠠᠯᠪᠠ ᠳᠤ ᠵᠢᠳᠬᠦᠬᠦ ᠵᠡᠷᠭᠡ ᠲᠠᠯ᠎ᠠ ᠪᠠᠷ ᠶᠡᠷᠢᠶᠠᠨ ᠦᠭᠡᠢ ᠲᠡᠳᠡᠨ ᠤ ᠦᠵᠡᠬᠦᠯᠬᠦ ᠭᠠᠪᠢᠶ᠎ᠠ ᠵᠢᠳᠬᠦᠯ ᠲᠣᠩ | ᠶᠡᠭᠡ ᠪᠠᠶᠢᠳᠠᠭ᠃ ᠡᠨᠡ ᠨᠢ ᠪᠠᠭ᠎ᠠ ᠲᠠᠯ᠎ᠠ ᠠᠴᠠ ᠦᠵᠡᠬᠦ ᠳᠤ ᠵᠦᠪᠬᠡᠨ ᠨᠢᠭᠡ ᠭᠡᠷ ᠪᠦᠯᠢ ᠶᠢᠨ ᠦᠭᠡᠳᠡᠯᠡᠨ | ᠬᠦᠭᠵᠢᠬᠦ ᠲᠠᠢ ᠬᠤᠯᠪᠤᠭᠳᠠᠬᠤ ᠠᠰᠠᠭᠤᠳᠠᠯ ᠭᠡᠳᠡᠭ ᠪᠤᠯᠪᠠᠴᠤ ᠶᠡᠭᠡ ᠲᠠᠯ᠎ᠠ ᠠᠴᠠ ᠦᠵᠡᠪᠡᠯ ᠲᠠᠷᠦᠢ ᠨᠢᠭᠡᠨ | ᠦᠨᠳᠦᠰᠦᠳᠡᠨ ᠶᠠᠰᠣᠳᠠᠨ ᠤ ᠦᠭᠡᠳᠡᠯᠡᠨ ᠮᠠᠨᠳᠣᠬᠤ ᠲᠠᠢ ᠰᠢᠭᠤᠳ ᠬᠤᠯᠪᠤᠭᠳᠠᠬᠤ ᠠᠯᠣᠰ ᠬᠡᠳᠦ ᠶᠢᠨ ᠠᠴᠢ | ᠬᠤᠯᠪᠤᠭᠳᠠᠯ ᠲᠠᠢ ᠶᠠᠪᠤᠳᠠᠯ ᠪᠤᠯᠤᠨ᠎ᠠ᠃ ᠣᠳᠣᠬᠠᠨ ᠳᠤ ᠨᠡᠷᠡᠳᠦ ᠠᠵᠤ ᠠᠬᠤᠶᠢᠯᠠᠯᠳᠠᠨ᠂ ᠨᠡᠶᠢᠭᠡᠮ ᠤᠨ ᠵᠢᠳᠬᠦᠯᠳᠡᠳ | ᠪᠠ ᠰᠠᠶᠢᠨ ᠲᠤᠷᠠᠴᠣᠳ ᠠᠴᠠ ᠲᠤᠰᠬᠠᠶᠢᠯᠠᠨ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠨᠠᠰᠣᠨ ᠳᠠᠬᠢ ᠡᠮᠡᠭᠳᠡᠢ | ᠬᠡᠣᠬᠡᠳ ᠪᠠ ᠶᠡᠭᠡ ᠰᠣᠷᠭᠠᠭᠤᠯᠢ ᠶᠢᠨ ᠶᠠᠳᠠᠭᠤ ᠬᠦᠴᠢᠷᠳᠡᠯᠳᠡᠢ ᠡᠮᠡᠭᠳᠡᠢ ᠰᠣᠷᠣᠭᠴᠢ ᠶᠢ ᠵᠤᠭᠤᠰ ᠮᠦᠩᠬᠦ ᠪᠠᠷ | ᠲᠣᠰᠠᠯᠠᠨ ᠲᠡᠮᠵᠢᠵᠦ ᠪᠠᠶᠢᠭ᠎ᠠ ᠦᠯᠢᠭᠡᠷ ᠵᠢᠱᠢᠶ᠎ᠡ ᠲᠤᠩ ᠣᠯᠠᠨ ᠪᠠᠶᠢᠳᠠᠭ᠃ ᠡᠬᠦᠨ ᠠᠴᠠ ᠭᠠᠳᠠᠨ᠎ᠠ ᠡᠯ᠎ᠡ ᠱᠠᠳᠣᠨ ᠤ | ᠡᠮᠡᠭᠳᠡᠶᠢᠴᠣᠣᠳ ᠤᠨ ᠬᠤᠯᠪᠤᠭ᠎ᠠ ᠠᠴᠠ ᠡᠮᠡᠭᠳᠡᠶᠢᠴᠣᠣᠳ ᠤᠨ ᠡᠷᠬᠡ ᠠᠰᠢᠭ ᠢ ᠬᠠᠮᠠᠭᠠᠯᠠᠬᠤ ᠲᠡᠳᠬᠦᠮᠵᠢ | ᠨᠦᠬᠦᠪᠦᠷᠢ ᠶᠢᠨ ᠮᠦᠩᠭᠦ ᠵᠡᠷᠭᠡ ᠪᠠᠷ ᠣᠯᠣᠰ ᠤᠨ ᠠᠰᠢᠭᠳᠠᠢ ᠰᠠᠶᠢᠨ ᠲᠦᠷᠦ ᠶᠢᠨ ᠪᠤᠳᠣᠯᠭ᠎ᠠ ᠣᠯᠠᠨ ᠪᠠᠶᠢᠳᠠᠭ᠃ | ᠲᠡᠳᠡᠨ ᠤ ᠠᠯᠣᠰ ᠭᠡᠳᠦ ᠶᠢᠨ ᠵᠤᠷᠢᠯᠳᠠ ᠪᠠ ᠣᠭ ᠰᠠᠨᠠᠭ᠎ᠠ ᠨᠢ ᠲᠠᠷᠦᠢ ᠡᠮᠡᠭᠳᠡᠶᠢᠴᠣᠳ ᠤᠨ ᠭᠡᠷ ᠪᠦᠯᠢ ᠶᠢᠨ | ᠰᠣᠷᠭᠠᠨ ᠬᠦᠮᠦᠵᠢᠯ ᠪᠠ ᠨᠡᠶᠢᠭᠡᠮ ᠳᠤ ᠦᠵᠡᠬᠦᠯᠬᠦ ᠠᠴᠢ ᠲᠤᠰᠠ ᠶᠢ ᠲᠤᠳᠣᠷᠬᠠᠢ ᠣᠶᠢᠯᠠᠭᠠᠭᠰᠠᠨ ᠳᠤ ᠪᠠᠶᠢᠭ᠎ᠠ ᠶᠤᠮ | ᠃ ᠡᠬᠦᠨ ᠳᠤ ᠣᠯᠠᠨ ᠲᠦᠮᠡᠨ ᠤ ᠦᠵᠡᠯ ᠣᠬᠠᠮᠰᠠᠷ ᠢ ᠲᠡᠭᠡᠭᠰᠢᠯᠡᠬᠦᠯᠬᠦ ᠪᠤᠯ ᠵᠠᠩᠭᠢᠯᠠᠭ᠎ᠠ ᠶᠢᠨ ᠠᠰᠠᠭᠤᠳᠠᠯ ᠪᠤᠯᠤᠨ᠎ᠠ᠃ | | ᠭᠤᠷᠪᠠ᠂ ᠡᠬᠡᠴᠣᠣᠯ ᠤᠨ ᠬᠦᠮᠦᠨ ᠲᠦᠷᠦᠯᠬᠢᠳᠡᠨ ᠤ ᠨᠡᠶᠢᠭᠡᠮ ᠤᠨ ᠭᠦᠭᠵᠢᠯᠳᠡ ᠳᠤ ᠦᠵᠡᠬᠦᠯᠬᠦ ᠦᠢᠯᠡᠳᠦᠯ | ᠬᠦᠮᠦᠨ ᠲᠦᠷᠦᠯᠬᠢᠳᠡᠨ ᠤ ᠨᠡᠶᠢᠭᠡᠮ ᠨᠢ ᠡᠬᠡᠴᠢᠯᠡᠯ ᠤᠨ ᠣᠪᠣᠭ ᠲᠦᠷᠦᠯ ᠠᠴᠠ ᠡᠴᠢᠭᠡᠴᠢᠯᠡᠯ ᠤᠨ ᠣᠪᠣᠭ ᠲᠦᠷᠦᠯ | ᠪᠤᠯᠤᠨ ᠬᠤᠪᠢᠷᠠᠬᠤ ᠶᠠᠪᠤᠴᠠ ᠳᠤ ᠭᠤᠤᠯᠳᠠᠭᠤ ᠲᠤᠬᠠᠢ ᠶᠢᠨ ᠦᠶ᠎ᠡ ᠶᠢᠨ ᠠᠮᠢᠳᠣᠷᠠᠯ ᠤᠨ ᠪᠤᠳᠠᠳᠣ ᠣᠷᠴᠢᠨ ᠬᠢᠭᠡᠳ | ᠪᠠᠶᠢᠭᠠᠯᠢ ᠪᠠ ᠨᠡᠶᠢᠭᠡᠮ ᠲᠠᠢ ᠵᠤᠬᠢᠴᠠᠬᠤ ᠶᠢᠨ ᠲᠦᠯᠦᠭᠡ ᠠᠵᠢᠯ ᠤᠨ ᠬᠤᠪᠢᠶᠠᠷᠢᠯᠡᠯ ᠭᠠᠷᠭᠠᠵᠤ᠂ ᠠᠭᠠᠵᠢᠮ ᠢᠶᠠᠷ | ᠭᠡᠷ ᠤᠨ ᠭᠠᠳᠠᠨᠠᠬᠢ ᠬᠦᠨᠳᠦ ᠨᠦᠰᠡᠷ ᠠᠵᠢᠯ ᠢ ᠡᠷᠡᠭᠳᠡᠢ ᠬᠦᠮᠦᠨ ᠲᠠᠭᠠᠭᠠᠴᠢᠯᠠᠵᠤ᠂ ᠭᠡᠷ ᠤᠨ ᠲᠤᠳᠣᠨᠠᠬᠢ ᠠᠷᠰᠠᠷ | ᠠᠵᠢᠯ ᠢ ᠡᠮᠡᠭᠳᠡᠢ ᠬᠦᠮᠦᠨ ᠬᠤᠪᠢᠶᠠᠷᠢᠯᠠᠬᠤ ᠪᠤᠯᠤᠭᠰᠠᠨ ᠶᠣᠮ᠃ ᠡᠭᠦᠨ ᠠᠴᠠ ᠦᠵᠡᠬᠦ ᠳᠤ ᠬᠦᠮᠦᠨ | ᠲᠦᠷᠦᠯᠬᠢᠳᠡᠨ ᠤ ᠨᠡᠶᠢᠭᠡᠮ ᠠᠩᠬ᠎ᠠ ᠪᠤᠢ ᠪᠤᠯᠬᠤ ᠦᠶ᠎ᠡ ᠳᠤ ᠡᠮᠡᠭᠳᠡᠢ ᠬᠦᠮᠦᠨ ᠤ ᠦᠢᠯᠡᠳᠦᠯ ᠬᠡᠷᠡᠭᠴᠡᠭᠡ ᠡᠷᠡᠭᠳᠡᠢ | ᠬᠦᠮᠦᠨ ᠠᠴᠠ ᠲᠤᠪᠤᠶᠢᠮ᠎ᠠ ᠪᠠᠶᠢᠭᠰᠠᠨ ᠭᠡᠳᠡᠭ ᠢ ᠣᠶᠢᠯᠭᠠᠵᠤ ᠪᠤᠯᠤᠨ᠎ᠠ᠃ | ᠣᠳᠣᠬᠠᠨ ᠳᠤ ᠬᠦᠮᠦᠨ ᠲᠦᠷᠦᠯᠬᠢᠳᠡᠨ ᠤ ᠨᠡᠶᠢᠭᠡᠮ ᠤᠨ ᠬᠦᠭᠵᠢᠯᠳᠡ ᠪᠤᠯᠤᠨ ᠲᠡᠯᠡᠬᠡᠢ ᠲᠠᠶᠠᠭᠠᠷ ᠤᠨ ︿︿ | ᠬᠦᠮᠦᠨ ᠤ ᠡᠷᠬᠡ ᠶᠢᠨ ᠦᠵᠡᠯ﹀﹀ ᠤᠨ ᠲᠠᠰᠣᠷᠠᠯᠳᠠ ᠦᠭᠡᠢ ᠬᠦᠨᠳᠦᠳᠭᠡᠭᠳᠡᠬᠦ ᠶᠢ ᠲᠠᠭᠠᠯᠳᠣᠨ ᠡᠷᠡᠭᠳᠡᠢ ᠡᠮᠡᠭᠳᠡᠢ | ᠡᠷᠬᠡ ᠲᠡᠭᠰᠢ ᠪᠠᠶᠢᠬᠤ ᠶᠢ ᠪᠠᠷᠢᠮᠳᠠᠯᠠᠬᠤ ᠪᠤᠯᠵᠤ ᠡᠮᠡᠭᠳᠡᠢ ᠬᠦᠮᠦᠨ ᠤ ︿︿ᠬᠠᠭᠠᠰ ᠲᠤᠯᠭᠠᠭᠤᠷᠢ ᠶᠢᠨ ᠦᠢᠯᠡᠳᠦᠯ﹀﹀ | ᠨᠡᠩ ᠲᠤᠪᠤᠶᠢᠮ᠎ᠠ ᠢᠯᠡᠷᠬᠡᠢ ᠪᠤᠯᠵᠤ ᠢᠷᠡᠭᠰᠡᠨ ᠪᠠᠶᠢᠨ᠎ᠠ᠃ ᠡᠮᠡᠭᠳᠡᠢ ᠬᠦᠮᠦᠨ ᠣᠶᠠᠨ ᠵᠦᠭᠡᠯᠡᠨ ᠬᠠᠶᠢᠷ᠎ᠠ ᠪᠠᠷ ᠢᠶᠠᠨ | ᠶᠠᠭᠤ ᠪᠦᠬᠦᠨ ᠢ ᠠᠭᠤᠴᠢᠯᠠᠨ ᠪᠠᠭᠳᠠᠭᠠᠵᠤ ᠦᠷᠦᠪᠳᠡᠨ ᠡᠨᠡᠷᠢᠵᠦ ᠶᠠᠪᠤᠳᠠᠭ᠃ ᠵᠢᠱᠢᠶᠡᠯᠡᠪᠡᠯ᠂ | ᠰᠢᠨ᠎ᠡ ᠲᠤᠮᠳᠠᠳᠤ ᠣᠯᠣᠰ ᠴᠢᠯᠦᠭᠡᠯᠡᠭᠳᠡᠬᠦ ᠠᠴᠠ ᠡᠮᠦᠨ᠎ᠡ ᠶᠠᠫᠣᠨ ᠤ ᠡᠵᠡᠷᠬᠡᠭ ᠲᠦᠷᠢᠮᠡᠬᠡᠶᠢᠳᠡᠳ ᠮᠠᠨ ᠤ | ᠲᠣᠮᠳᠠᠳᠣ ᠶᠢᠨ ᠨᠤᠳᠤᠭ ᠲᠡᠪᠢᠰᠭᠡᠷ ᠢ ᠲᠦᠷᠢᠮᠬᠡᠶᠢᠯᠡᠬᠦ ᠦᠶ᠎ᠡ ᠳᠤ ᠡᠴᠢᠭᠡ ᠡᠬᠡ ᠶᠢᠨ ᠬᠢᠨᠢ ᠦᠰᠢᠶ᠎ᠡ ᠬᠤᠷᠤᠰᠣᠯ ᠢ | ᠣᠮᠠᠷᠳᠠᠨ ᠦᠨᠦᠴᠢᠨ ᠬᠤᠴᠤᠷᠤᠭᠰᠠᠨ ᠶᠠᠫᠤᠨ ᠬᠡᠤᠬᠡᠳ ᠢ ᠬᠦᠷᠳᠡᠯ᠎ᠡ ᠦᠷᠡᠴᠢᠯᠡᠨ ᠲᠡᠵᠢᠭᠡᠵᠦ ᠪᠠᠶᠢᠭᠰᠠᠨ ᠵᠢᠱᠢᠶ᠎ᠡ | ᠴᠦ ᠵᠦᠩᠳᠡᠭᠡᠨ ᠰᠣᠨᠣᠰᠳᠠᠵᠤ ᠣᠯᠠᠮᠵᠢᠯᠠᠭᠳᠠᠨ ᠲᠠᠮᠵᠢᠭᠳᠠᠵᠤ ᠪᠠᠶᠢᠭᠰᠠᠨ᠃ ᠬᠡᠳᠦᠶᠢᠪᠡᠷ ᠶᠡᠷᠦᠳᠡ ᠶᠢᠨ ᠦᠭᠡᠨ ᠳᠤ | ︿︿ᠪᠠᠷᠰ ᠤᠨ ᠦᠰᠢᠶ᠎ᠡ ᠶᠢ ᠪᠠᠮᠪᠠᠷ ᠠᠴᠠ﹀﹀ ᠭᠡᠳᠡᠭ ᠪᠤᠯᠪᠠᠴᠣ ᠲᠤᠬᠠᠢ ᠶᠢᠨ ᠦᠶ᠎ᠡ ᠶᠢᠨ ᠡᠬᠡᠴᠣᠣᠯ ᠤᠨ ᠦᠨᠦᠴᠢᠨ | ᠦᠷᠦᠭᠡᠰᠦᠨ ᠢ ᠦᠷᠦ ᠡᠪᠡᠳᠣᠨ ᠡᠨᠡᠷᠢᠬᠦ ᠠᠭᠤᠤ ᠶᠡᠭᠡ ᠰᠡᠳᠬᠢᠯᠭᠡ ᠶᠢ ᠪᠢᠳᠡ ᠡᠬᠦᠨ ᠠᠴᠠ ᠨᠡᠪᠳᠡᠷᠬᠡᠢ ᠤᠶᠢᠯᠠᠭᠠᠵᠤ | ᠪᠤᠯᠬᠤ ᠶᠤᠮ᠃ ᠪᠠᠰᠠ ᠵᠢᠱᠢᠶᠡᠯᠡᠪᠡᠯ᠂ ᠲᠡᠭᠡᠷ᠎ᠡ ᠵᠠᠭᠤᠨ ᠵᠢᠷᠠᠭᠠᠳ ᠣᠨ ᠤ ᠦᠶ᠎ᠡ ᠳᠤ ᠱᠠᠩᠬᠠᠢ ᠵᠡᠷᠭᠡ ᠣᠷᠣᠨ ᠤ | ᠬᠡᠣᠬᠡᠳ ᠤᠨ ᠠᠰᠠᠷᠠᠮᠵᠢ ᠶᠢᠨ ᠬᠦᠷᠢᠶᠡᠯᠡᠩ ᠤᠨ ᠭᠤᠷᠪᠠᠨ ᠮᠢᠩᠭ᠎ᠠ ᠭᠠᠷᠦᠢ ᠦᠨᠦᠴᠢᠨ ᠬᠡᠣᠬᠡᠳ ᠶᠠᠳᠠᠭᠤ ᠬᠦᠴᠢᠷᠳᠡᠯ | ᠪᠠ ᠭᠠᠩ ᠭᠠᠴᠢᠭ ᠬᠢᠬᠡᠳ ᠡᠪᠡᠳᠴᠢᠨ ᠡᠮᠬᠡᠭ ᠠᠴᠠ ᠪᠤᠯᠵᠤ ᠠᠷᠭ᠎ᠠ ᠪᠤᠰᠣ ᠦᠪᠦᠷ ᠮᠤᠩᠭᠤᠯ ᠤᠨ ᠲᠠᠯ᠎ᠠ | ᠨᠤᠳᠤᠭ ᠲᠤ ᠬᠦᠷᠭᠡᠭᠳᠡᠵᠦ ᠢᠷᠡᠬᠦ ᠦᠶ᠎ᠡ ᠳᠤ ᠲᠠᠯ᠎ᠠ ᠨᠤᠳᠤᠭ ᠤᠨ ᠡᠬᠡᠴᠣᠣᠯ ᠬᠠᠯᠠᠭᠤᠨ ᠭᠠᠷ ᠢᠶᠠᠨ ᠰᠣᠩᠭᠠᠵᠤ᠂ | ᠪᠦᠯᠢᠶᠡᠨ ᠡᠯᠢᠭᠡ ᠪᠠᠨ ᠲᠡᠯᠭᠡᠵᠦ ᠦᠨᠦᠴᠢᠨ ᠬᠡᠣᠬᠡᠳ ᠢ ᠦᠷᠡᠴᠢᠯᠡᠨ ᠲᠡᠵᠢᠭᠡᠵᠦ ᠬᠦᠮᠦᠨ ᠤ ᠵᠡᠷᠭᠡ ᠳᠤ ᠬᠦᠷᠭᠡᠭᠰᠡᠨ | ᠰᠡᠳᠬᠢᠯ ᠲᠤᠭᠳᠣᠯᠣᠮᠠ ᠦᠨᠡᠨ ᠪᠤᠳᠠᠳᠣ ᠶᠠᠪᠤᠳᠠᠯ ᠤᠳ ᠨᠢ ︿︿ᠡᠬᠡ ᠶᠢᠨ ᠬᠠᠶᠢᠷ᠎ᠠ ᠠᠯᠢᠪᠠ ᠠᠴᠠ ᠡᠷᠬᠢᠮ﹀﹀ | ᠭᠡᠳᠡᠭ ᠦᠨᠡᠨ ᠶᠤᠰᠣ ᠶᠢ ᠭᠡᠷᠡᠴᠢᠯᠡᠵᠦ ᠪᠠᠶᠢᠭᠰᠠᠨ ᠶᠣᠮ᠃ ᠡᠬᠦᠨ ᠤ ᠲᠤᠬᠠᠢ ᠲᠧᠯᠸᠢᠰ ᠵᠦᠴᠦᠭᠡ ︿︿ᠣᠯᠣᠰ ᠤᠨ | ᠬᠡᠣᠬᠡᠳ﹀﹀ ᠨᠢ ᠲᠦᠪ ᠲᠧᠯᠸᠢᠰ ᠢᠶᠠᠷ ᠲᠠᠮᠵᠢᠨ ᠨᠡᠪᠳᠡᠷᠡᠬᠦᠯᠦᠭᠳᠡᠵᠦ ᠦᠵᠡᠭᠴᠢᠳ ᠤᠨ ᠬᠠᠯᠠᠭᠤᠨ ᠬᠦᠷᠢᠶᠡᠯᠡᠯ ᠢ | ᠬᠦᠷᠳᠡᠵᠦ ᠪᠠᠶᠢᠭᠰᠠᠨ ᠪᠦᠭᠡᠳ ᠭᠤᠤᠯ ᠪᠠᠭᠠᠳᠣᠷ ᠪᠤᠯᠤᠭᠰᠠᠨ ᠦᠪᠦᠷ ᠮᠣᠩᠭᠤᠯ ᠤᠨ ᠦᠪᠡᠷᠳᠡᠭᠡᠨ ᠵᠠᠰᠠᠬᠤ | ᠣᠷᠣᠨ ᠤ ᠤᠯᠠᠭᠠᠨᠴᠠᠪ ᠬᠤᠳᠠ ᠶᠢᠨ ᠲᠦᠷᠪᠡᠳ ᠬᠤᠰᠢᠭᠤᠨ ᠤ ᠮᠠᠯᠴᠢᠨ ᠲᠦᠭᠦᠶᠢᠮᠡ ᠡᠵᠢ ᠲᠦᠷᠦ ᠶᠢᠨ ᠬᠠᠮᠤᠭ | ᠦᠨᠳᠦᠷ ᠱᠠᠩᠨᠠᠯ — ︿︿ᠠᠷᠠᠳ ᠤᠨ ᠵᠢᠱᠢᠶᠡᠴᠢ﹀﹀ ᠪᠠᠷ ᠦᠨᠡᠯᠡᠭᠳᠡᠵᠦ᠂ ᠰᠢ ᠶᠢᠨ ᠫᠢᠩ ᠶᠡᠷᠦᠩᠬᠡᠢ | ᠱᠦᠵᠢ ᠠᠴᠠ ᠱᠠᠩᠨᠠᠯ ᠭᠠᠷᠳᠠᠭᠤᠯᠵᠤ ᠦᠵᠡᠭᠴᠢ ᠲᠦᠮᠡᠨ ᠤ ᠰᠡᠳᠬᠢᠯ ᠢ ᠲᠤᠭᠳᠣᠯᠠᠭᠤᠯᠵᠤ ᠣᠷᠮ᠎ᠠ | ᠵᠤᠷᠢᠭ ᠢ ᠬᠦᠭᠵᠢᠭᠡᠵᠦ ᠪᠠᠶᠢᠭᠰᠠᠨ ᠶᠤᠮ᠃ ᠡᠭᠦᠨ ᠠᠴᠠ ᠦᠵᠡᠬᠦ ᠳᠤ ᠣᠳᠣᠬᠠᠨ ᠤ ᠰᠢ ᠶᠢᠨ ᠫᠢᠩ ᠶᠡᠷᠦᠩᠬᠡᠢ | ᠱᠦᠵᠢ ᠶᠢᠨ ᠲᠤᠷᠠᠳᠣᠭᠰᠠᠨ ︿︿ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠣ ᠶᠢᠨ ᠴᠤᠭᠴᠠ﹀﹀ ᠶᠢ | ᠪᠡᠶᠡᠯᠡᠬᠦᠯᠬᠦ ᠶᠢᠨ ᠲᠦᠯᠦᠭᠡ ᠦᠩᠭᠡᠷᠡᠭᠰᠡᠨ ᠠᠴᠠ ᠡᠳᠦᠭᠡ ᠪᠤᠯᠳᠠᠯ᠎ᠠ᠂ ᠲᠠᠶᠢᠨ ᠲᠠᠵᠢᠨ ᠤ ᠦᠶ᠎ᠡ ᠠᠴᠠ ᠠᠪᠤᠭᠠᠳ | ᠡᠩᠬᠡ ᠲᠠᠶᠢᠪᠤᠩ ᠴᠠᠭ ᠦᠶ᠎ᠡ ᠪᠤᠯᠳᠠᠯ᠎ᠠ᠂ ᠰᠢᠨ᠎ᠡ ᠲᠤᠮᠳᠠᠳᠣ ᠣᠯᠣᠰ ᠤᠨ ᠪᠠᠶᠢᠭᠤᠯᠤᠭᠳᠠᠬᠤ ᠠᠴᠠ ᠠᠪᠤᠭᠠᠳ | ᠦᠭᠡᠷᠡᠴᠢᠯᠡᠯᠳᠡ ᠬᠢᠵᠦ ᠴᠢᠯᠦᠭᠡᠳᠡᠢ ᠶᠠᠪᠤᠯᠴᠠᠬᠤ ᠪᠤᠯᠳᠠᠯ᠎ᠠ᠂ ᠰᠢᠨ᠎ᠡ ᠵᠠᠭᠤᠨ ᠠᠴᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠲᠤᠮᠳᠠᠳᠣ ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠦᠮ ᠬᠦᠷᠳᠡᠯ᠎ᠡ ᠲᠤᠮᠳᠠᠳᠣ ᠶᠢᠨ ᠡᠮᠡᠭᠳᠡᠶᠢᠴᠣᠳ | ᠦᠷᠦᠪᠴᠢᠬᠡᠨ ᠬᠠᠶᠢᠷ᠎ᠠ ᠡᠨᠡᠷᠢᠩᠭᠦᠢ ᠰᠡᠳᠭᠢᠯ ᠢᠶᠠᠷ ᠢᠶᠠᠨ ᠦᠨᠳᠦᠰᠦᠳᠡᠨ ᠣᠭᠰᠠᠭ᠎ᠠ ᠭᠡᠵᠦ ᠢᠯᠭᠠᠯ ᠦᠭᠡᠢ᠂ | ᠦᠰᠢᠶᠡᠳᠡᠨ ᠲᠠᠶᠢᠰᠣᠨ ᠭᠡᠵᠦ ᠭᠠᠳᠠᠭᠤᠷᠴᠢᠯᠠᠯ ᠦᠭᠡᠢ ᠶᠠᠭᠤ ᠪᠦᠬᠦᠨ ᠢ ᠪᠠᠭᠳᠠᠭᠠᠨ ᠪᠦᠪᠡᠶᠢᠯᠡᠵᠦ ᠪᠠᠶᠢᠭᠰᠠᠨ ᠢ | ᠬᠦᠨ ᠤᠬᠠᠵᠤ ᠪᠤᠯᠬᠤ ᠪᠦᠭᠡᠳ ᠦᠭᠡᠭᠦᠦ ᠶᠠᠳᠠᠭᠤ ᠶᠢ ᠦᠷᠦᠪᠳᠡᠨ ᠲᠤᠰᠠᠯᠠᠳᠠᠭ ᠦᠷᠦᠪᠴᠢᠬᠡᠨ ᠰᠡᠳᠬᠢᠯ ᠢ ᠨᠢ | ᠣᠶᠢᠯᠠᠭᠠᠵᠤ ᠪᠤᠯᠬᠤ ᠶᠤᠮ᠃ ᠲᠡᠶᠢᠮᠦ ᠠᠴᠠ ︿︿ᠡᠷ᠎ᠡ ᠬᠦᠮᠦᠨ ᠤ ᠴᠡᠭᠡᠵᠢᠨ ᠳᠤ ᠡᠮᠡᠭᠡᠯ ᠬᠠᠵᠠᠭᠠᠷ ᠲᠠᠢ ᠮᠤᠷᠢ | ᠪᠠᠭᠳᠠᠨ᠎ᠠ﹀﹀ ᠭᠡᠳᠡᠭ ᠪᠤᠯ ︿︿ᠡᠮᠡᠭᠳᠡᠢ ᠬᠦᠮᠦᠨ ᠤ ᠴᠡᠭᠡᠵᠢᠨ ᠳᠤ ᠪᠦᠮᠪᠦᠷᠴᠡᠭ ᠤᠨ ᠲᠦᠮᠡᠨ ᠪᠤᠳᠠᠰ ᠢ | ᠪᠠᠭᠳᠠᠭᠠᠭᠳᠠᠭ﹀﹀ ᠨᠢ ᠦᠨᠡᠨᠳᠡᠢ᠃ ᠰᠣᠷᠭᠠᠨ ᠬᠦᠮᠦᠵᠢᠯ ᠢ ᠬᠦᠨᠳᠦᠳᠭᠡᠵᠦ᠂ ᠣᠯᠠᠮᠵᠢᠯᠠᠯᠳᠣ ᠦᠪ ᠰᠣᠶᠣᠯ ᠢ | ᠠᠭᠤᠳᠠᠯᠣᠨ ᠲᠡᠯᠭᠡᠷᠡᠬᠦᠯᠵᠦ ᠪᠠᠶᠢᠭ᠎ᠠ ᠲᠦᠷᠦ ᠶᠢᠨ ᠪᠤᠳᠣᠯᠭ᠎ᠠ ᠶᠢᠨ ᠲᠤᠶᠠᠭᠠᠯᠠᠯ ᠲᠤᠤᠷ᠎ᠠ ᠪᠢᠳᠡ ᠦᠨᠳᠦᠰᠦᠳᠡᠨ ᠤ | ᠪᠦᠯᠬᠦᠮᠳᠡᠯ ᠢ ᠴᠢᠩᠭᠠᠳᠬᠠᠬᠤ ᠪᠤᠯ ᠬᠢᠯᠢ ᠬᠢᠵᠠᠭᠠᠷ ᠣᠷᠣᠨ ᠤ ᠠᠮᠤᠷ ᠲᠤᠭᠳᠠᠭᠤᠨ ᠢ ᠪᠠᠳᠣᠯᠠᠬᠤ ᠪᠠ ᠨᠡᠶᠢᠭᠡᠮ ᠤᠨ | ᠪᠦᠬᠦ ᠲᠠᠯ᠎ᠠ ᠶᠢᠨ ᠠᠵᠢᠯ ᠤᠨ ᠣᠷᠣᠭᠰᠢ ᠲᠠᠢ ᠶᠠᠪᠤᠭᠳᠠᠬᠤ ᠶᠢᠨ ᠦᠨᠳᠦᠰᠦᠨ ᠪᠠᠳᠣᠯᠠᠭ᠎ᠠ ᠮᠦᠨ᠃ ᠦᠨᠳᠦᠰᠦᠳᠡᠨ ᠤ | ᠪᠦᠯᠬᠦᠮᠳᠡᠯ ᠢ ᠴᠢᠩᠭᠠᠳᠬᠠᠬᠤ ᠳᠤ ᠡᠬᠡᠴᠣᠣᠯ ᠨᠢ ᠭᠡᠷ ᠪᠦᠯᠢ᠂ ᠪᠠᠶᠢᠭᠤᠯᠤᠯᠭ᠎ᠠ ᠨᠢᠭᠡᠴᠡ᠂ ᠬᠠᠮᠳᠣ ᠨᠡᠶᠢᠳᠡ᠂ | ᠣᠯᠣᠰ ᠣᠷᠣᠨ᠂ ᠦᠨᠳᠦᠰᠦᠳᠡᠨ ᠣᠭᠰᠠᠭ᠎ᠠ ᠶᠢᠨ ᠲᠤᠮᠳᠠ ᠭᠤᠤᠯᠯᠠᠭᠴᠢ ᠬᠦᠴᠦᠨ ᠪᠦᠭᠡᠳ ᠬᠦᠬᠦᠷᠭᠡ ᠶᠢᠨ | ᠦᠢᠯᠡᠳᠦᠯ ᠦᠵᠡᠭᠦᠯᠳᠡᠭ᠃ | ᠶᠡᠷᠦᠩᠬᠡᠶᠢᠯᠡᠪᠡᠯ ᠡᠬᠡᠴᠣᠣᠯ ᠤᠨ ᠭᠡᠷ ᠪᠦᠯᠢ᠂ ᠦᠨᠳᠦᠰᠦᠳᠡᠨ ᠣᠭᠰᠠᠭ᠎ᠠ᠂ ᠨᠡᠶᠢᠭᠡᠮ ᠨᠡᠶᠢᠳᠡ ᠶᠢᠨ | ᠬᠦᠭᠵᠢᠯᠳᠡ ᠳᠤ ᠦᠵᠡᠬᠦᠯᠬᠦ ᠦᠢᠯᠡᠳᠦᠯ ᠬᠡᠷᠡᠭᠴᠡᠭᠡ ᠪᠠ ᠭᠠᠪᠢᠶ᠎ᠠ ᠵᠢᠳᠬᠦᠯ ᠢ ᠣᠮᠳᠠᠭᠠᠶᠢᠯᠠᠵᠤ ᠪᠤᠯᠤᠰᠢ ᠦᠭᠡᠢ | ᠪᠦᠭᠡᠳ ᠪᠢᠳᠡ ᠦᠶ᠎ᠡ ᠶᠢᠨ ᠦᠶ᠎ᠡ ᠳᠤ ᠪᠠᠨ ᠣᠯᠠᠮᠵᠢᠯᠠᠨ ᠪᠠᠳᠠᠷᠠᠭᠤᠯᠬᠤ ᠬᠡᠷᠡᠭᠳᠡᠢ᠃ ᠡᠬᠦᠨ ᠤ ᠬᠠᠮᠳᠣ | ᠡᠮᠡᠭᠳᠡᠶᠢᠴᠣᠳ ᠤᠨ ᠬᠤᠪᠢ ᠪᠡᠶ᠎ᠡ ᠶᠢᠨ ᠰᠣᠶᠣᠯ ᠮᠡᠳᠡᠯᠭᠡ᠂ ᠣᠷ᠎ᠠ ᠴᠢᠳᠠᠪᠦᠷᠢ᠂ ᠣᠶᠣᠨ ᠣᠬᠠᠭᠠᠨ ᠪᠠ ᠦᠵᠡᠯᠳᠡ | ᠲᠠᠨᠢᠯᠳᠠ ᠪᠠᠨ ᠲᠠᠰᠣᠷᠠᠯᠳᠠ ᠦᠭᠡᠢ ᠰᠢᠨᠡᠳᠭᠡᠨ᠂ ᠴᠠᠭ ᠦᠶ᠎ᠡ ᠲᠠᠢ ᠵᠡᠷᠭᠡᠪᠡᠷ ᠣᠷᠣᠭᠰᠢᠯᠠᠬᠤ ᠬᠡᠷᠡᠭᠳᠡᠢ᠃ | ᠡᠮᠡᠭᠳᠡᠶᠢᠴᠣᠳ ᠬᠤᠪᠢ ᠪᠡᠶ᠎ᠡ ᠠᠴᠠ ᠪᠠᠨ ᠭᠠᠷᠳᠠᠵᠤ᠂ ᠭᠡᠷ ᠪᠦᠯᠢ ᠪᠠᠨ ᠲᠤᠳᠣᠮᠳᠠᠬᠤ᠂ ᠠᠵᠢᠯ ᠠᠯᠪᠠ ᠳᠤ ᠪᠠᠨ | ᠰᠢᠮᠳᠠᠬᠤ᠂ ᠨᠡᠶᠢᠭᠡᠮ ᠨᠡᠶᠢᠳᠡ ᠳᠤ ᠨᠡᠮᠡᠷᠢ ᠬᠠᠨᠳᠢᠪ ᠢᠶᠠᠨ ᠡᠷᠬᠦᠬᠦ ᠵᠡᠷᠭᠡ ᠪᠠᠷ ᠪᠦᠬᠦᠶᠢᠯᠡ ᠠᠵᠢᠯ ᠶᠠᠪᠤᠳᠠᠯ ᠳᠤ ᠵᠠᠪᠠᠯ | ᠪᠡᠶ᠎ᠡ ᠳᠤ ᠪᠠᠨ ᠦᠨᠳᠦᠷ ᠱᠠᠭᠠᠷᠳᠠᠯᠭ᠎ᠠ ᠲᠠᠯᠪᠢᠵᠦ ᠦᠭᠬᠢᠶᠡᠮᠦᠷ ᠰᠡᠳᠬᠢᠯ ᠢᠶᠠᠷ ᠨᠡᠶᠢᠭᠡᠮ ᠳᠤ ᠦᠢᠯᠡᠴᠢᠯᠡᠬᠦ ᠳᠤ | ᠬᠦᠷᠪᠡᠯ ᠰᠠᠶ᠋ᠢ ᠵᠢᠩᠬᠢᠨᠢ ︿︿ᠬᠠᠭᠠᠰ ᠲᠤᠯᠭᠠᠭᠤᠷᠢ﹀﹀ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ ᠴᠢᠳᠠᠬᠤ | ᠪᠦᠭᠡᠳ ᠨᠡᠶᠢᠭᠡᠮ ᠤᠨ ᠪᠦᠬᠦ ᠲᠠᠯ᠎ᠠ ᠶᠢᠨ ᠬᠦᠭᠵᠢᠯᠳᠡ ᠶᠢ ᠲᠦᠯᠬᠢᠨ ᠠᠬᠢᠭᠤᠯᠵᠤ ᠴᠢᠳᠠᠨ᠎ᠠ᠃ |