ᠭᠦᠸᠧ ᠲᠢᠶᠠᠨ ᠪᠦᠦ ᠮᠥᠨᠳᠥᠷ ᠤᠨ ᠭᠠᠮᠰᠢᠭ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/28
     6 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠴᠠᠩ ᠱᠧᠩ ᠪᠠᠯᠭᠠᠰᠤ᠂ ᠰᠤᠨᠳᠤᠤ ᠰᠤᠮᠤ ᠳᠤ ᠭᠦᠨᠵᠡᠭᠡᠶᠢᠷᠡᠨ ᠮᠥᠨᠳᠥᠷ ᠤᠨ ᠭᠠᠮᠰᠢᠭ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠰᠤᠮᠤ ᠪᠠᠯᠭᠠᠰᠤᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠠᠷᠭ᠎ᠠ ᠬᠡᠮᠵᠢᠶ᠎ᠡ ᠶᠢ ᠲᠤᠬᠠᠶ ᠶᠢᠨ ᠭᠠᠵᠠᠷ ᠲᠤᠨᠢ ᠰᠤᠳᠤᠯᠤᠨ ᠵᠠᠳᠠᠯᠪᠠ᠃
  郭天宝实地调研冰雹灾害受灾情况.jpg     ᠭᠦᠸᠧ ᠲᠢᠶᠠᠨ ᠪᠦᠦ ᠴᠢᠬᠤᠯᠠᠴᠢᠯᠠᠭᠰᠠᠨ ᠨᠢ᠂ ᠭᠠᠮᠰᠢᠭ ᠤᠨ ᠪᠠᠶᠢᠳᠠᠯ ᠢ ᠪᠠᠶᠢᠴᠠᠭᠠᠬᠤ ᠪᠠ ᠪᠦᠷᠢᠳᠬᠡᠬᠦ
ᠠᠵᠢᠯ ᠢ ᠲᠦᠷᠭᠡᠬᠡᠨ ᠰᠠᠶᠢᠲᠤᠷ ᠬᠢᠵᠦ᠂ ᠭᠠᠮᠰᠢᠭ ᠤᠨ ᠪᠠᠶᠢᠳᠠᠯ ᠢ ᠴᠠᠭ ᠲᠤᠬᠠᠢ ᠳᠤᠨᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠬᠡᠷᠡᠭᠲᠡᠢ︔ ᠳᠠᠭᠠᠳᠬᠠᠯ ᠤᠨ ᠺᠣᠮᠫᠠᠨᠢ ᠶᠢ ᠲᠦᠷᠭᠡᠬᠡᠨ ᠵᠣᠬᠢᠶᠠᠨ ᠪᠠᠶᠢᠭᠤᠯᠤᠨ ᠪᠠᠶᠢᠴᠠᠭᠠᠨ ᠰᠢᠨᠵᠢᠵᠦ ᠬᠤᠬᠢᠷᠠᠯ ᠢ ᠲᠣᠭᠲᠠᠭᠠᠬᠤ ᠠᠵᠢᠯ ᠥᠷᠨᠢᠭᠦᠯᠵᠦ᠂ ᠬᠠᠮᠤᠭ ᠤᠨ ᠲᠡᠷᠢᠭᠦᠨ ᠳᠤ ᠮᠠᠲ᠋ᠧᠷᠢᠶᠠᠯ ᠴᠤᠭᠯᠠᠭᠤᠯᠵᠤ᠂ ᠲᠠᠷᠢᠶᠠᠴᠢᠳ ᠤᠨ ᠠᠰᠢᠭ ᠲᠤᠰᠠ ᠶᠢ ᠦᠨᠡᠨᠬᠦ ᠪᠠᠲᠤᠯᠠᠬᠤ ᠬᠡᠷᠡᠭᠲᠡᠢ︔ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠶᠢ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠢᠯᠵᠢᠭᠦᠯᠦᠨ ᠲᠡᠭᠡᠭᠡᠪᠦᠷᠢᠯᠡᠬᠦ ᠪᠠ ᠮᠡᠷᠭᠡᠵᠢᠯ ᠤᠨ ᠵᠢᠯᠣᠭᠤᠳᠣᠯᠭ᠎ᠠ ᠶᠢ ᠴᠢᠩᠭᠠᠳᠬᠠᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠪᠦᠲᠦᠮᠵᠢᠲᠡᠶ ᠴᠠᠭ ᠢ ᠠᠮᠵᠢᠨ ᠠᠳᠬᠤᠵᠤ᠂ ᠭᠠᠮᠰᠢᠭᠳᠠᠭᠰᠠᠨ ᠲᠠᠷᠢᠮᠠᠯ ᠢ ᠲᠥᠷᠥᠯ ᠬᠤᠪᠢᠶᠠᠨ ᠳᠠᠬᠢᠨ ᠳᠠᠷᠢᠬᠤ ᠪᠠ ᠨᠥᠬᠦᠵᠦ ᠳᠠᠷᠢᠬᠤ ᠪᠠ ᠥᠭᠡᠷᠡᠴᠢᠯᠡᠨ ᠲᠠᠷᠢᠵᠤ᠂ ᠭᠠᠮᠰᠢᠭ ᠤᠨ ᠬᠤᠬᠢᠷᠠᠯ ᠪᠠ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ︔ ᠬᠤᠯᠪᠣᠭᠳᠠᠯ ᠪᠦᠬᠦᠢ ᠰᠤᠮᠤ ᠪᠠᠯᠭᠠᠰᠤ ᠪᠠ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠲᠤᠷᠠᠯᠴᠠᠬᠤ ᠪᠠᠨ ᠴᠢᠩᠭᠠᠳᠬᠠᠵᠤ᠂ ᠭᠠᠮᠰᠢᠭᠳᠠᠭᠰᠠᠨ ᠤᠯᠠᠨ ᠲᠦᠮᠡᠨ ᠳᠤ ᠠᠵᠢᠯ ᠣᠯᠭᠤᠬᠤ ᠲᠣᠬᠢᠶᠠᠯ ᠬᠠᠩᠭᠠᠵᠤ᠂ ᠣᠷᠣᠯᠭ᠎ᠠ ᠶᠢ ᠨᠢ ᠨᠡᠮᠡᠭᠳᠡᠭᠦᠯᠵᠦ᠂ ᠪᠡᠷᠬᠡ ᠪᠣᠭᠤᠮᠲᠠ ᠶᠢ ᠳᠠᠪᠠᠭ᠋ᠤ ᠬᠡᠷᠡᠭᠲᠡᠶ ᠭᠡᠵᠡᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号