ᠭᠦᠸᠧ ᠲᠢᠶᠠᠨ ᠪᠦᠦ 2024 ᠣᠨ ᠤ ᠲᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠠᠵᠢᠯ ᠢ ᠲᠣᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2024/6/28
    6 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠭᠠᠨᠵᠤᠭ᠎ᠠ ᠨᠢᠭᠡᠳᠦᠭᠡᠷ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠭᠦᠨᠵᠡᠭᠡᠶᠢᠷᠡᠨ᠂ 2024 ᠣᠨ ᠤ ᠲᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠠᠵᠢᠯ ᠢ ᠲᠣᠭᠤᠷᠢᠨ ᠪᠠᠶᠢᠴᠠᠭᠠᠪᠠ᠃
  郭天宝巡视2024年中考工作.jpg    ᠡᠨᠡ ᠬᠤᠭᠤᠴᠠᠭᠠᠨ ᠳᠤ᠂ ᠭᠦᠸᠧ ᠲᠢᠶᠠᠨ ᠪᠦᠦ ᠰᠢᠯᠭᠠᠯᠲᠠ ᠶᠢᠨ ᠲᠠᠯᠠᠪᠠᠶ ᠶᠢᠨ ᠪᠠᠶᠢᠷᠢᠯᠠᠭᠤᠯᠤᠯᠲᠠ᠂
ᠰᠢᠯᠭᠠᠯᠲᠠ ᠶᠢᠨ ᠶᠠᠪᠤᠳᠠᠯ ᠤᠨ ᠲᠣᠬᠢᠷᠠᠭᠤᠯᠤᠯᠲᠠ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠵᠡᠷᠭᠡ ᠰᠢᠯᠭᠠᠯᠲᠠ ᠶᠢᠨ ᠬᠠᠮᠢᠶ᠎ᠠ ᠪᠥᠬᠦᠶ ᠠᠵᠢᠯ ᠤᠨ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠵᠤ᠂ ᠰᠢᠯᠭᠠᠭᠤᠯᠤᠭᠴᠢ᠂ ᠬᠡᠷ ᠤᠨ ᠠᠬᠠᠮᠠᠳ ᠤᠨ ᠣᠷᠣᠨ ᠰᠠᠭᠤᠴᠠ ᠪᠠ ᠢᠳᠡᠭᠡᠨ ᠤᠮᠳᠠᠭᠠᠨ ᠤ ᠲᠣᠬᠢᠷᠠᠭᠤᠯᠤᠯᠲᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠡᠭᠦᠨ ᠤ ᠬᠠᠮᠲᠤ᠂ ᠲᠠᠷᠠᠭᠠᠴᠢ ᠶᠢᠨ ᠰᠢᠯᠭᠠᠯᠲᠠ ᠶᠢᠨ ᠬᠤᠭᠤᠴᠠᠭᠠᠨ ᠳᠤ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠢᠳᠡᠭᠡᠨ ᠤ ᠠᠮᠤᠷ ᠲᠦᠪᠰᠢᠨ᠂ ᠲᠠᠭᠤ ᠱᠤᠤᠭᠢᠶᠠᠨ ᠢ ᠪᠠᠭᠠᠰᠬᠠᠬᠤ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠥᠷᠭᠡᠨ ᠣᠯᠠᠨ ᠰᠢᠯᠭᠠᠭᠤᠯᠤᠭᠴᠢ ᠪᠠ ᠬᠡᠷ ᠤᠨ ᠠᠬᠠᠮᠠᠳ ᠲᠤ ᠰᠠᠶᠢᠲᠤᠷ ᠦᠢᠯᠡᠴᠢᠯᠡᠬᠦ ᠬᠡᠷᠡᠭᠲᠡᠶ ᠭᠡᠵᠦ ᠱᠠᠭᠠᠷᠳᠠᠪᠠ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号