ᠬᠤᠷᠴᠢᠨ ᠵᠡᠭᠦᠨ ᠭᠠᠷᠤᠨ ᠬᠤᠶᠢᠲᠤ ᠬᠤᠰᠢᠭᠤ 2024 ᠣᠨ ᠤ 1 — 5 ᠰᠠᠷ᠎ᠠ ᠶᠢᠨ ᠠᠵᠤ ᠠᠬᠤᠶ ᠶᠢᠨ ᠡᠷᠬᠢᠯᠳᠡ ᠶᠡᠷᠦᠩᠬᠡᠶ ᠳᠡᠭᠡᠨ ᠰᠠᠶᠢᠵᠢᠷᠠᠪᠠ
ᠨᠡᠶᠢᠲᠡᠯᠡᠭᠰᠡᠨ ᠴᠠᠭ᠄
2024/6/28
    ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠦᠷᠭᠦᠯᠵᠢᠯᠡᠨ ᠨᠡᠮᠡᠭᠳᠡᠵᠦ᠂ ᠭᠤᠣᠯᠳᠠᠯᠭ᠎ᠠ ᠲᠠᠢ ᠠᠵᠢᠯ ᠲᠦᠷᠦᠯ ᠬᠦᠴᠦᠲᠡᠢ ᠨᠡᠮᠡᠭᠳᠡᠪᠡ᠃    1 — 5 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 41.1% ᠨᠡᠮᠡᠭᠳᠡᠵᠦ᠂ 1 — 4 ᠰᠠᠷ᠎ᠠ ᠶᠢᠨ ᠬᠤᠭᠤᠴᠠᠭᠠᠨ ᠤ ᠬᠢ ᠠᠴᠠ 10.2 ᠵᠠᠭᠤᠨ ᠤ ᠴᠡᠭ ᠲᠦᠷᠭᠡᠳᠪᠡ᠃ ᠭᠤᠷᠪᠠᠨ ᠲᠣᠮᠣ ᠲᠥᠷᠥᠯ ᠢᠶᠠᠷ ᠠᠪᠴᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ 2.5% ᠨᠡᠮᠡᠭᠳᠡᠪᠡ︔ ᠦᠢᠯᠡᠳᠬᠦ ᠦᠢᠯᠡᠰ 45.6% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 36.7% ᠨᠡᠮᠡᠭᠳᠡᠪᠡ᠃ ᠠᠵᠢᠯ ᠲᠥᠷᠥᠯ ᠬᠤᠪᠢᠶᠠᠵᠤ ᠦᠵᠡᠪᠡᠯ᠂ 13 ᠠᠵᠢᠯ ᠲᠥᠷᠥᠯ ᠤᠨ ᠲᠣᠮᠣ ᠲᠥᠷᠥᠯ ᠤᠨ 8 ᠠᠵᠢᠯ ᠲᠥᠷᠥᠯ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠠᠵᠢᠯ ᠲᠥᠷᠥᠯ ᠤᠨ ᠨᠡᠮᠡᠭᠳᠡᠯ ᠤᠨ ᠬᠡᠪᠴᠢᠶ᠎ᠡ 61.5% ᠬᠥᠷᠪᠡ᠃ ᠡᠭᠦᠨ ᠳᠤ᠂ ᠬᠠᠷ᠎ᠠ ᠦᠩᠭᠡᠳᠦ ᠲᠡᠮᠦᠷᠯᠢᠭ ᠬᠠᠶᠢᠯᠤᠭᠤᠯᠬᠤ ᠪᠠ ᠳᠠᠷᠤᠵᠤ ᠤᠷᠲᠤᠳᠬᠠᠨ ᠡᠳ᠋ᠰᠢᠭᠦᠯᠬᠦ ᠦᠢᠯᠡᠰ᠂ ᠥᠩᠭᠡᠲᠦ ᠲᠡᠮᠦᠷᠯᠢᠭ ᠬᠠᠶᠢᠯᠤᠭᠤᠯᠬᠤ ᠪᠠ ᠳᠠᠷᠤᠵᠤ ᠤᠷᠲᠤᠳᠬᠠᠨ ᠡᠳ᠋ᠰᠢᠭᠦᠯᠬᠦ ᠦᠢᠯᠡᠰ ᠠᠳᠠᠯᠢ ᠬᠤᠭᠤᠴᠠᠭᠠᠨ ᠤ ᠬᠢ ᠠᠴᠠ 100% ᠬᠦᠷᠪᠡ᠃        ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠲᠤᠯᠭᠠᠭᠤᠷᠢᠯᠠᠯ ᠢᠯᠡᠷᠬᠡᠢ ᠪᠤᠯᠪᠠ    1 — 5 ᠰᠠᠷ᠎ᠠ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 239.4% ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 124.3% ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 323.5% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 52.9% ᠪᠠᠭᠤᠷᠠᠪᠠ᠃        ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠳᠠᠭᠠᠰᠢᠷᠠᠭᠤᠯᠵᠤ᠂ ᠬᠡᠷᠡᠭᠯᠡᠭᠡᠨ ᠤ ᠬᠡᠷᠡᠭᠴᠡᠭᠡ ᠶᠢ ᠡᠮᠬᠢ ᠵᠢᠷᠤᠮ ᠲᠠᠢ ᠪᠠᠷ ᠪᠠᠳᠠᠷᠠᠭᠤᠯᠬᠤ ᠬᠡᠷᠡᠭᠲᠡᠢ    1 — 5 ᠰᠠᠷ᠎ᠠ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 19.3% ᠨᠡᠮᠡᠭᠳᠡᠵᠦ᠂ 1 — 4 ᠰᠠᠷ᠎ᠠ ᠶᠢᠨ ᠬᠤᠭᠤᠴᠠᠭᠠᠨ ᠤ ᠬᠢ ᠠᠴᠠ 0.7 ᠵᠠᠭᠤᠨ ᠤ ᠴᠡᠭ ᠪᠠᠭᠤᠷᠠᠪᠠ᠃ ᠡᠭᠦᠨ ᠳᠤ᠂ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 27.4 % ᠨᠡᠮᠡᠭᠳᠡᠪᠡ᠃       ᠳᠥᠷᠪᠡ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠷᠬᠢᠯᠳᠡ ᠲᠣᠭᠲᠠᠭᠤᠨ ᠪᠠᠶᠢᠵᠤ᠂ ᠬᠡᠰᠡᠭ ᠠᠵᠢᠯ ᠲᠥᠷᠥᠯ ᠳᠡᠭᠡᠭᠰᠢᠯᠡᠨ ᠰᠠᠶᠢᠵᠢᠷᠠᠪᠠ    1 — 4 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ  ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 7.3% ᠪᠠᠭᠤᠷᠠᠪᠠ᠃ 1 — 3 ᠰᠠᠷ᠎ᠠ ᠠᠴᠠ 9.9 ᠵᠠᠭᠤᠨ ᠤ ᠨᠢᠭᠡᠴᠢ ᠳᠡᠭᠡᠭᠰᠢᠯᠡᠪᠡ᠃ ᠡᠭᠦᠨ ᠳᠤ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 56.6% ᠨᠡᠮᠡᠭᠳᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号