5 ᠰᠠᠷ᠎ᠠ ᠶᠢᠨ 31 ᠤ ᠡᠳᠦᠷ᠂ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠯᠢᠦ ᠶᠢᠨ | ᠱᠧᠩ ᠬᠤᠷᠠᠯ ᠡᠷᠭᠢᠯᠡᠭᠰᠡᠨ ᠪᠥᠭᠡᠳ ᠰᠢᠨ᠎ᠡ ᠶᠢ ᠡᠭᠦᠳᠬᠦ ᠣᠨ ᠤ ᠭᠤᠤᠯᠳᠠᠯᠭ᠎ᠠ ᠲᠠᠢ ᠡᠭᠦᠷᠭᠡ ᠪᠠ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ᠂ ᠬᠢᠯᠠᠰ ᠴᠡᠭ ᠢ ᠪᠤᠶᠢᠵᠢᠭᠤᠯᠤᠨ ᠪᠣᠶ ᠪᠣᠯᠭᠠᠬᠤ᠂ 12345 ᠬᠠᠯᠠᠮᠰᠢᠯ ᠤᠲᠠᠰᠤ ᠶᠢ | ᠭᠦᠢᠴᠡᠳᠭᠡᠬᠦ ᠵᠡᠷᠭᠡ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠬᠢᠪᠠ᠃ ᠬᠤᠰᠢᠭᠤᠨ ᠤ ᠬᠤᠳᠠᠯᠳᠤᠭ᠎ᠠ | ᠡᠷᠭᠢᠯᠡᠬᠦ ᠠᠯᠪᠠᠨ ᠬᠡᠷ ᠠᠴᠠ ᠵᠢᠯ ᠤᠨ ᠡᠬᠢᠨ ᠠᠴᠠ ᠨᠠᠰᠢᠬᠢ ᠮᠠᠨ ᠤ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ 2023 | ᠣᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠣᠷᠣᠨ ᠤ ᠦᠨᠡᠯᠡᠯᠲᠡ ᠶᠢᠨ ᠪᠦᠬᠦᠯᠢ ᠴᠣᠭᠴᠠ ᠶᠢᠨ | ᠪᠠᠶᠢᠳᠠᠯ ᠢ ᠮᠡᠳᠡᠭᠳᠡᠪᠡ᠃ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠬᠤᠰᠢᠭᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠨᠢ ᠰᠠᠯᠠᠭ᠎ᠠ ᠮᠥᠴᠢᠷ ᠤᠨ ᠲᠥᠯᠥᠭᠡᠯᠡᠭᠴᠢ ᠶᠢᠨ ᠬᠤᠪᠢ ᠪᠠᠷ ᠰᠠᠨᠠᠯ ᠢᠶᠠᠨ | ᠰᠣᠯᠢᠯᠴᠠᠬᠤ ᠶᠠᠷᠢᠶ᠎ᠠ ᠲᠠᠯᠪᠢᠪᠠ᠃ | | ᠭᠦᠸᠧ ᠲᠢᠶᠠᠨ ᠪᠦᠦ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠠᠵᠢᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠮᠠᠨ ᠤ ᠬᠤᠰᠢᠭᠤᠨ ᠤ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠤ ᠠᠵᠢᠯ ᠤᠨ ᠣᠳᠣᠬᠠᠨ ᠤ ᠪᠠᠶᠢᠳᠠᠯ ᠢ ᠭᠦᠨᠵᠡᠭᠡᠶ ᠵᠠᠳᠠᠯᠵᠤ᠂ ᠡᠯ᠎ᠡ ᠭᠠᠵᠠᠷ ᠡᠯ᠎ᠡ | ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠲᠡᠷᠢᠭᠦᠨ ᠤ ᠬᠢ ᠲᠠᠢ | ᠬᠠᠷᠢᠴᠠᠭᠤᠯᠤᠨ᠂ ᠦᠳᠲᠡᠷ ᠲᠦᠷᠭᠡᠨ ᠬᠥᠳᠡᠯᠦᠯᠴᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠳᠡᠭᠡᠷ᠎ᠡ ᠪᠥᠬᠦ ᠬᠦᠴᠦᠨ ᠢᠶᠠᠷ ᠢᠶᠠᠨ ᠦᠨᠡᠨ ᠬᠦ ᠬᠦᠴᠦ ᠣᠷᠣᠭᠤᠯᠵᠤ᠂ ᠪᠣᠳᠠᠲᠠᠶ ᠠᠷᠭ᠎ᠠ ᠬᠡᠮᠵᠢᠶ᠎ᠡ | ᠠᠪᠴᠤ᠂ ᠴᠠᠭ ᠮᠦᠴᠡ ᠶᠢ ᠲᠡᠮᠡᠴᠡᠬᠦ ᠲᠤᠯᠭᠠᠮ᠎ᠠ ᠰᠡᠳᠬᠢᠯᠭᠡ ᠪᠠ ᠤᠷᠢᠳᠠᠪᠠᠷ ᠦᠢᠯᠡᠴᠢᠯᠡᠬᠦ ᠬᠠᠷᠢᠭᠤᠴᠠᠯᠭᠠᠲᠤ | ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠪᠥᠬᠦ ᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ | ᠠᠵᠢᠯ ᠤᠨ ᠶᠡᠷᠦᠩᠬᠡᠶ ᠬᠠᠷᠠᠯᠲᠠ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | ᠭᠦᠸᠧ ᠲᠢᠶᠠᠨ ᠪᠦᠦ ᠴᠢᠬᠤᠯᠠᠴᠢᠯᠠᠭᠰᠠᠨ ᠨᠢ᠂ ᠨᠢᠭᠡ ᠳᠤ ᠭᠤᠤᠯ ᠰᠢᠪᠲᠤᠯᠤᠯᠲᠠ ᠶᠢᠨ ᠴᠢᠭᠯᠡᠯ ᠢ | ᠲᠣᠳᠣᠷᠬᠠᠶᠢᠯᠠᠵᠤ᠂ ︽ᠬᠤᠶᠠᠷ ᠨᠠᠷᠢᠨ ᠲᠠᠩᠰᠠ︾᠂ ︽ᠬᠢᠯᠠᠰ ᠴᠡᠭ ᠢ ᠪᠤᠶᠢᠵᠢᠭᠤᠯᠬᠤ︾᠂ ︽12345 | ᠬᠠᠯᠠᠮᠰᠢᠯ ᠤᠲᠠᠰᠤᠨ ᠤ ᠬᠦᠰᠡᠯ ᠱᠠᠭᠠᠷᠳᠠᠯᠭ᠎ᠠ︾ ᠪᠠᠷ ᠭᠤᠤᠯᠳᠠᠯᠭ᠎ᠠ ᠲᠠᠢ ᠠᠵᠢᠯ ᠤᠨ ᠭᠤᠤᠯᠳᠠᠯᠭ᠎ᠠ ᠪᠣᠯᠭᠠᠵᠤ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠪᠥᠬᠦ | ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ | ᠨᠠᠶᠢᠳᠠᠪᠤᠷᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠬᠤᠰᠢᠭᠤᠨ | ᠲᠠᠰ ᠤᠨ ᠲᠠᠯ᠎ᠠ ᠪᠠᠷ᠂ ᠡᠯ᠎ᠡ ᠳᠡᠳ᠋ ᠬᠤᠰᠢᠭᠤᠨ ᠳᠠᠷᠤᠭ᠎ᠠ ᠲᠦᠷᠦᠭᠦᠯᠡᠨ ᠬᠠᠷᠢᠭᠤᠴᠠᠵᠤ᠂ ᠡᠮᠦᠨ᠎ᠡ ᠨᠢ ᠠᠬᠢᠭᠤᠯᠵᠤ᠂ | ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠠᠵᠢᠯ ᠢ ᠴᠠᠭ | ᠲᠤᠬᠠᠶ ᠳᠤᠨᠢ ᠳᠣᠭᠢᠷᠠᠭᠤᠯᠤᠨ ᠠᠬᠢᠭᠤᠯᠬᠤ ᠬᠡᠷᠡᠭᠳᠡᠢ᠃ ᠭᠤᠷᠪᠠ ᠳᠤ᠂ ᠵᠥᠪ ᠣᠨᠣᠪᠴᠢᠲᠠᠢ ᠤᠬᠠᠭᠤᠯᠭ᠎ᠠ ᠶᠢᠨ | ᠤᠳᠤᠷᠢᠳᠤᠮᠵᠢ ᠶᠢ ᠪᠤᠢ ᠪᠣᠯᠭᠠᠵᠤ᠂ ᠦᠨᠡᠨᠴᠢ ᠢᠲᠡᠭᠡᠮᠵᠢ ᠶᠢᠨ ᠲᠦᠷᠢ ᠲᠥᠷᠬᠦ ᠶᠢ ᠡᠭᠦᠳᠦᠨ ᠪᠠᠶᠢᠭᠤᠯᠬᠤ | ᠠᠵᠢᠯᠯᠠᠭ᠎ᠠ ᠪᠠᠷ ᠭᠠᠷᠳᠠᠴᠠ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠬᠦ ᠪᠠᠷ ᠬᠤᠳᠠᠯᠳᠤᠭᠠᠴᠢᠨ ᠤᠷᠢᠵᠤ ᠪᠡᠯᠡ ᠲᠠᠳᠠᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ | ᠠᠵᠤ ᠦᠢᠯᠡᠰ ᠤᠨ ᠬᠥᠭᠵᠢᠯᠲᠡ᠂ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡ ᠵᠡᠷᠭᠡ ᠭᠤᠣᠯᠳᠠᠯᠭ᠎ᠠ ᠲᠠᠢ | ᠠᠵᠢᠯ ᠢ ᠬᠢᠬᠦ ᠬᠡᠷᠡᠭᠲᠡᠢ ᠭᠡᠵᠡᠢ᠃ | ᠬᠤᠰᠢᠭᠤᠨ ᠤ ᠵᠠᠰᠠᠭ ᠤᠨ ᠣᠷᠳᠣᠨ ᠤ ᠡᠯ᠎ᠡ ᠳᠡᠳ᠋ ᠬᠤᠰᠢᠭᠤᠨ ᠳᠠᠷᠤᠭ᠎ᠠ᠂ ᠬᠤᠳᠠᠯᠳᠤᠭ᠎ᠠ ᠡᠷᠭᠢᠯᠡᠬᠦ ᠣᠷᠴᠢᠨ | ᠲᠣᠭᠤᠷᠢᠨ ᠤ ᠭᠦᠢᠴᠡᠳᠬᠡᠯ ᠲᠤᠭ᠎ᠠ ᠶᠢᠨ ᠲᠦᠷᠦᠭᠦᠯᠡᠬᠦ ᠰᠠᠯᠠᠭ᠎ᠠ ᠮᠥᠴᠢᠷ ᠵᠢᠴᠢ ᠭᠤᠤᠯᠳᠠᠯᠭ᠎ᠠ ᠲᠠᠢ | ᠬᠠᠷᠢᠭᠤᠴᠠᠯᠭᠠᠲᠤ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ︵ᠲᠠᠯᠠᠪᠠᠶ︶᠂ ᠭᠠᠨᠵᠤᠭ᠎ᠠ ᠨᠡᠶᠢᠭᠡᠮ ᠲᠣᠭᠤᠷᠢᠭ ᠤᠨ | ᠦᠢᠯᠡᠴᠢᠯᠡᠭᠡᠨ ᠤ ᠲᠥᠪ ᠤᠨ ᠭᠤᠤᠯ ᠬᠠᠷᠢᠭᠤᠴᠠᠯᠭᠠᠲᠠᠨ ᠣᠷᠣᠯᠴᠠᠵᠠᠶ᠃ | | |