ᠰᠢᠶᠧ ᠴᠦᠨ ᠾᠧ ᠭᠤᠣᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ ᠢᠨᠵᠧᠨᠧᠷᠢᠩ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/4
    6 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠬᠠᠯᠢᠭᠤᠲᠤ ᠪᠠᠯᠭᠠᠰᠤ᠂ ᠠᠭᠤᠯᠠ ᠪᠠᠯᠭᠠᠰᠤᠨ ᠳᠤ ᠭᠦᠨᠵᠡᠭᠡᠶᠢᠷᠡᠨ ᠭᠤᠤᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ ︵ᠢ ᠯᠢᠶᠣᠤ ᠶᠢᠨ ᠤᠰᠤ ᠭᠠᠳᠠᠭᠰᠢᠯᠠᠭᠤᠯᠬᠤ ᠰᠤᠪᠠᠭ︶ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠶᠢᠨ ᠴᠢᠶᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ᠂ ᠪᠠᠷᠢᠯᠭ᠎ᠠ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠣᠯᠴᠠᠵᠠᠶ᠃
  解春贺调研河湖连通工程.jpg   
    ᠰᠢᠶᠧ ᠴᠦᠨ ᠾᠧ ᠴᠢᠬᠤᠯᠠᠴᠢᠯᠠᠭᠰᠠᠨ ᠨᠢ᠂ ᠦᠶᠡᠷ ᠤᠨ ᠬᠤᠭᠤᠴᠠᠭ᠎ᠠ ᠪᠣᠯᠬᠤ ᠭᠡᠵᠦ ᠪᠠᠶᠢᠭ᠎ᠠ ᠪᠣᠯᠬᠤᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠭᠠᠵᠠᠷ ᠣᠷᠣᠨ ᠪᠣᠯᠤᠨ ᠪᠠᠷᠢᠯᠭ᠎ᠠ ᠪᠠᠷᠢᠬᠤ ᠨᠢᠭᠡᠴᠡ ᠨᠢᠭᠲᠠ ᠬᠠᠮᠵᠢᠯᠴᠠᠵᠤ᠂ ᠠᠬᠢᠴᠠ ᠪᠠᠨ ᠲᠦᠷᠭᠡᠳᠬᠡᠨ᠂ ᠦᠶᠡᠷ ᠤᠨ ᠬᠤᠭᠤᠴᠠᠭ᠎ᠠ ᠠᠴᠠ ᠡᠮᠦᠨ᠎ᠡ ᠴᠤᠤᠯ ᠭᠤᠤᠯ ᠤᠨ ᠤᠰᠤ ᠶᠢ ᠭᠠᠳᠠᠭᠰᠢᠯᠠᠭᠤᠯᠬᠤ ᠰᠤᠪᠠᠭ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠣᠨᠴᠠᠭᠠᠶᠢᠯᠠᠨ ᠭᠤᠤᠯᠳᠠᠯᠭ᠎ᠠ ᠲᠠᠢ ᠭᠠᠵᠠᠷ ᠤᠨ ᠬᠡᠰᠡᠭ᠂ ᠵᠠᠩᠭᠢᠯᠠᠭ᠎ᠠ ᠶᠢᠨ ᠴᠡᠭ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠶᠡᠷ ᠤᠨ ᠬᠤᠭᠤᠴᠠᠭᠠᠨ ᠤ ᠤᠰᠤ ᠲᠠᠲᠠᠷᠠᠭᠤᠯᠬᠤ ᠶᠢ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠳᠡᠭᠡᠳᠦ ᠲᠤᠤᠷᠠᠳᠤ ᠤᠷᠤᠰᠬᠠᠯ ᠤᠨ ᠬᠤᠭᠤᠷᠣᠨᠳᠣᠬᠢ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠡᠮᠬᠢ ᠵᠢᠷᠤᠮ ᠲᠠᠢ ᠪᠠᠷ ᠤᠰᠤ ᠲᠠᠲᠠᠷᠠᠭᠤᠯᠬᠤ ᠶᠢ ᠪᠡᠶᠡᠯᠡᠭᠦᠯᠵᠦ᠂ ᠵᠠᠮ ᠳᠠᠭᠠᠤ ᠶᠢᠨ ᠭᠤᠣᠯ᠂ ᠨᠠᠭᠤᠷ᠂ ᠴᠥᠭᠦᠷᠥᠮ ᠤᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠷᠢᠳᠴᠢᠯᠠᠨ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号