ᠬᠤᠰᠢᠭᠤᠨ ᠤ ᠬᠢᠨᠠᠨ ᠪᠣᠳᠣᠬᠤ ᠲᠣᠪᠴᠢᠶ᠎ᠠ  ︽ᠲᠠᠪᠤ ᠳᠤ ᠲᠦᠪᠯᠡᠷᠡᠬᠦᠯᠵᠥ︾ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ  ᠬᠢᠨᠠᠨ ᠪᠣᠳᠣᠯᠲᠠ ᠶᠢ ᠪᠦᠳᠦᠮᠵᠢᠳᠡᠢ ᠥᠷᠨᠢᠭᠦᠯᠪᠡ
ᠨᠡᠶᠢᠲᠡᠯᠡᠭᠰᠡᠨ ᠴᠠᠭ᠄
2024/6/5
   ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠲᠤᠬᠠᠶ ᠳᠤᠨᠢ ᠦᠨᠡᠯᠡᠨ ᠵᠢᠱᠢᠵᠦ ᠬᠢᠨᠠᠨ ᠬᠠᠮᠢᠶᠠᠷᠬᠤ ᠶᠢᠨ ᠨᠢᠭᠡᠳᠦᠯᠲᠦ ᠴᠢᠨᠠᠷ ᠪᠠ ᠪᠦᠳᠦᠮᠵᠢᠳᠦ ᠴᠢᠨᠠᠷ ᠢ ᠦᠨᠡᠯᠡᠨ ᠵᠢᠱᠢᠵᠦ᠂ ᠵᠢᠷᠤᠮᠵᠢᠯ ᠲᠠᠢ ᠡᠮᠬᠢ ᠵᠢᠷᠤᠮ ᠲᠠᠢ᠂ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠡᠬᠦᠳᠪᠡ ᠃     ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠰᠢᠯᠵᠢᠭᠦᠯᠦᠨ ᠨᠠᠷᠢᠨ ᠬᠢᠨᠠᠵᠥ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠤᠳᠠᠭ᠎ᠠ ᠳᠤ ᠭᠤᠶᠤᠴᠢᠯᠠᠨ ᠮᠡᠳᠡᠭᠦᠯᠬᠦ᠂ ᠨᠡᠶᠢᠯᠡᠭᠦᠯᠦᠨ ᠬᠢᠨᠠᠨ ᠵᠥᠪᠰᠢᠶᠡᠷᠡᠬᠦ ᠶᠢ ᠰᠢᠮᠳᠠᠭᠤᠯᠤᠨ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠡᠭᠡᠭᠰᠢᠯᠡᠬᠦᠯᠪᠡ᠃    ᠲᠤᠰᠬᠠᠢ ᠪᠡᠯᠡ ᠮᠥᠩᠭᠦ ᠶᠢᠨ ᠬᠡᠷᠡᠭᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠪᠡᠯᠡ ᠮᠥᠩᠭᠦ  ᠶᠢ ᠲᠤᠰᠬᠠᠢ ᠬᠡᠷᠡᠭᠴᠡᠭᠡ ᠪᠠᠷ ᠬᠡᠷᠡᠭᠯᠡᠭᠰᠡᠨ  ᠵᠢᠴᠢ ᠡᠳ᠋ ᠤᠨ ᠵᠠᠰᠠᠭ ᠤᠨ ᠴᠣᠬᠤᠯᠠᠪᠤᠷᠢᠯᠠᠭᠰᠠᠨ ᠬᠡᠷᠡᠭᠴᠡᠭᠡ ᠪᠠᠷ ᠲᠣᠭᠠᠴᠠᠭ᠎ᠠ ᠬᠢᠭᠰᠡᠨ ᠡᠰᠡᠬᠦ᠂  ᠬᠤᠬᠢᠷᠠᠭᠤᠯᠵᠥ ᠪᠦᠷᠢᠯᠭᠡᠬᠦ ᠪᠠ ᠰᠤᠯᠠ ᠪᠠᠶᠢᠬᠤ ᠠᠰᠠᠭᠤᠳᠠᠯ ᠢ ᠪᠠᠶᠢᠴᠠᠭᠠᠨ ᠦᠵᠡᠬᠦ ᠶᠢ ᠴᠢᠬᠤᠯᠠᠴᠢᠯᠠᠵᠤ᠂ ᠲᠦᠷᠦᠯ ᠵᠦᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢᠨ ᠪᠡᠶᠡᠯᠡᠭᠳᠡᠬᠦ ᠶᠢ ᠠᠬᠢᠭᠤᠯᠪᠠ᠃     ᠲᠣᠷᠭᠠᠵᠤ ᠬᠤᠷᠢᠶᠠᠨ ᠠᠪᠬᠤ ᠡᠳ᠋ ᠤᠨ ᠶᠠᠪᠤᠳᠠᠯ ᠤᠨ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠠᠬᠢ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠵᠢᠴᠢ ᠲᠣᠷᠭᠠᠵᠤ ᠬᠤᠷᠢᠶᠠᠨ ᠠᠪᠤᠭᠰᠠᠨ ᠣᠷᠣᠯᠭ᠎ᠠ ᠵᠢᠨ‌ᠬᠠᠮᠢᠶᠠᠷᠤᠯᠲᠠ ᠶᠢᠨ ᠪᠠᠶᠢᠳᠠᠯ ᠢ ᠭᠤᠤᠯᠳᠠᠯᠭ᠎ᠠ ᠲᠠᠢ ᠠᠩᠬᠠᠷᠴᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠤᠨ ᠲᠡᠭᠦᠯᠳᠡᠷᠵᠢᠭᠦᠯᠪᠡ᠃    ᠬᠡᠷᠡᠭᠯᠡᠭᠴᠢᠳ ᠤᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠯᠡᠭᠴᠢᠳ ᠤᠨ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠵᠤ ᠂ ᠬᠡᠷᠡᠭᠯᠡᠭᠴᠢᠳ ᠤᠨ ᠭᠤᠮᠣᠳᠠᠯ ᠱᠠᠭᠠᠷᠳᠠᠯᠭ᠎ᠠ ᠳᠤ ᠬᠠᠷᠢᠭᠤᠯᠲᠠ ᠥᠭᠴᠦ᠂ ᠥᠷᠭᠡᠨ ᠤᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ  ᠬᠠᠮᠠᠭᠠᠯᠠᠪᠠ᠃
审计局.jpg
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号