ᠬᠤᠰᠢᠭᠤᠨ ᠤ ᠬᠤᠶᠢᠴᠢ ᠦᠶ᠎ᠡ ᠶᠢᠨ ᠬᠢ ᠶᠢ ᠬᠠᠯᠠᠮᠵᠢᠯᠠᠬᠤ ᠠᠵᠢᠯ ᠤᠨ ᠵᠦᠪᠯᠡᠯ ︽ᠲᠠᠪᠤᠨ ᠠᠬᠠᠮᠠᠳ︾ ᠤᠨ ᠦᠢᠯᠡᠳᠦᠯ ᠢᠶᠠᠨ ᠪᠠᠳᠠᠷᠠᠭᠤᠯᠵᠤ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/6/5
   ᠬᠠᠤᠯᠢ ᠪᠠᠷ ᠵᠠᠰᠠᠬᠤ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠪᠠ   ︽ᠲᠠᠪᠤᠨ ᠠᠬᠠᠮᠠᠳ︾ ᠢ ᠵᠣᠬᠢᠶᠠᠨ ᠪᠠᠶᠢᠭᠤᠯᠤᠨ ᠰᠤᠷᠭᠠᠭᠤᠯᠢ ᠶᠢᠨ ᠭᠠᠳᠠᠨᠠᠬᠢ ᠬᠠᠤᠯᠢ ᠪᠠᠷ ᠵᠠᠰᠠᠬᠤ ᠬᠠᠪᠰᠤᠷᠤᠨ ᠵᠢᠯᠣᠭᠤᠳᠣᠭᠴᠢ᠂ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠲᠤᠰᠢᠶᠠᠯ ᠢ ᠡᠭᠦᠷᠭᠡᠯᠡᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ᠂ ᠳᠠᠭᠤᠷᠢᠶᠠᠮᠠᠯ ᠰᠢᠭᠦᠬᠦ ᠲᠢᠩᠬᠢᠮ ᠪᠠ ᠵᠠᠯᠠᠭᠤᠴᠤᠳ ᠪᠠᠭᠠᠴᠤᠳ ᠤᠨ ᠡᠷᠬᠡ ᠪᠠᠨ ᠬᠠᠮᠠᠭᠠᠯᠠᠬᠤ ᠠᠵᠢᠯ ᠤᠨ ᠪᠠᠶᠢᠷᠢ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠢ ᠵᠢᠷᠤᠮᠯᠠᠬᠤ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷ ᠲᠠᠢ ᠪᠤᠯᠭᠠᠪᠠ ᠃    ᠬᠤᠪᠢᠰᠬᠠᠯ ᠤᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠪᠠ ᠃ ︽ᠲᠠᠪᠤᠨ ᠠᠬᠠᠮᠠᠳ︾ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠡᠩᠭᠡᠷᠢᠨᠴᠢᠨ ᠤ ᠮᠦᠽᠧᠢ᠂ ᠪᠦᠦ ᠮᠠᠩ ᠨᠢᠦ ᠶᠢᠨ ᠳᠤᠷᠠᠰᠬᠠᠯ ᠤᠨ ᠣᠷᠳᠣᠨ᠂ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠵᠡᠷᠭᠡ ᠬᠤᠪᠢᠰᠬᠠᠯ ᠤᠨ ᠡᠬᠢ ᠪᠠᠶᠠᠯᠢᠭ ᠢ ᠠᠰᠢᠭᠯᠠᠵᠤ᠂ ᠬᠤᠪᠢᠰᠬᠠᠯ   ᠤᠨ    ᠤᠳᠤᠮᠰᠢᠯ   ᠢ ᠵᠠᠯᠭᠠᠮᠵᠢᠯᠠᠬᠤ   ᠢᠨᠵᠧᠨᠧᠷᠢᠩ    ᠢ ᠦᠷᠭᠦᠯᠵᠢᠯᠡᠨ ᠠᠬᠢᠭᠤᠯᠵᠤ᠂ ᠵᠠᠯᠠᠭᠤᠴᠤᠳ    ᠪᠠᠭᠠᠴᠤᠳ ᠤᠨ ᠦᠰᠦᠨ   ᠪᠤᠶᠢᠵᠢᠵᠤ    ᠴᠢᠳᠠᠪᠤᠷᠢᠲᠠᠨ ᠪᠣᠯᠬᠤ ᠦᠵᠡᠯ ᠰᠠᠨᠠᠭᠠᠨ ᠤ ᠰᠠᠭᠤᠷᠢ ᠶᠢ ᠪᠠᠳᠤᠳᠬᠠᠪᠠ ᠃    ᠭᠡᠷ ᠤᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠪᠠ ᠃ ︽ᠲᠠᠪᠤᠨ ᠠᠬᠠᠮᠠᠳ︾ ᠢ ᠵᠣᠬᠢᠶᠠᠨ ᠪᠠᠶᠢᠭᠤᠯᠤᠨ ᠪᠠᠭᠠᠴᠤᠳ ᠤᠨ ᠬᠤᠰᠢᠭᠤᠴᠢ ᠠᠩᠭᠢ ᠶᠢᠨ ᠰᠤᠷᠭᠠᠭᠤᠯᠢ ᠶᠢᠨ ᠭᠠᠳᠠᠨᠠᠬᠢ ᠬᠠᠪᠰᠤᠷᠤᠨ ᠵᠢᠯᠣᠭᠤᠳᠣᠭᠴᠢ ᠪᠣᠯᠭᠠᠵᠤ᠂ ᠬᠡᠷ ᠲᠡᠭᠡᠨ ᠬᠤᠴᠣᠷᠤᠭᠰᠠᠨ ᠬᠡᠤᠬᠡᠳ ᠪᠠ ᠨᠡᠭᠦᠳᠡᠯ ᠬᠡᠤᠬᠡᠳ ᠤᠨ ᠬᠡᠷ ᠪᠦᠯᠢ᠂ ᠵᠡᠮᠳᠡᠭ ᠪᠠ ᠥᠨᠥᠴᠢᠨ ᠬᠡᠷ ᠪᠦᠯᠢ ᠵᠡᠷᠭᠡ ᠣᠨᠴᠠᠭᠠᠶ ᠬᠥᠮᠦᠰ ᠤᠨ ᠬᠡᠷ ᠪᠦᠯᠢ ᠶᠢᠨ ᠬᠥᠮᠦᠵᠢᠯ ᠢ ᠠᠩᠬᠠᠷᠴᠤ᠂ ᠬᠡᠷ ᠪᠦᠯᠢ᠂ ᠰᠤᠷᠭᠠᠭᠤᠯᠢ᠂ ᠨᠡᠶᠢᠭᠡᠮ ᠤᠨ ︽ᠭᠤᠷᠪᠠ ᠶᠢ ᠤᠶᠠᠯᠳᠤᠭᠤᠯᠬᠤ︾ ᠡᠷᠡᠭᠦᠯ  ᠬᠦᠭᠵᠢᠯᠳᠡ ᠶᠢ ᠠᠬᠢᠭᠤᠯᠪᠠ᠃
关工委五老.jpg 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号