ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ | ᠲᠠᠯᠠᠪᠠᠶ᠂ ᠭᠠᠨᠵᠤᠭ᠎ᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ᠂ ᠬᠤᠰᠢᠭᠤᠨ ᠤ ᠰᠢᠭᠤᠳ ᠬᠠᠷᠢᠶ᠎ᠠ | ᠬᠠᠮᠢᠶ᠎ᠠ ᠪᠥᠬᠦᠶ ᠰᠠᠯᠠᠭ᠎ᠠ ᠮᠥᠴᠢᠷ ᠲᠤ᠄ | ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2024 ᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠲᠥᠰᠦᠯ︾ ᠢ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃ | | | 2024 ᠣᠨ ᠤ 5 ᠰᠠᠷ᠎ᠠ ᠶᠢᠨ 14 ᠤ ᠡᠳᠦᠷ | | | | | ᠮᠠᠨ ᠤ ᠬᠤᠰᠢᠭᠤᠨ ᠤ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠲᠥᠰᠦᠯ | | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠭᠢᠯᠡᠭᠰᠡᠨ ᠰᠤᠷᠭᠠᠨ | ᠬᠥᠮᠦᠵᠢᠯ ᠢ ᠠᠬᠢᠭᠤᠯᠬᠤ ᠬᠠᠤᠯᠢ︾᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠰᠣᠷᠣᠭᠴᠢ ᠡᠯᠰᠡᠬᠦ ᠬᠠᠮᠢᠶᠠᠷᠤᠯᠲᠠ ᠶᠢᠨ ᠠᠵᠢᠯ ᠢ ᠴᠢᠩᠭ᠎ᠠ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ︵ᠥᠪᠥᠷ ᠰᠤᠷᠭᠠᠨ ᠰᠠᠭᠤᠷᠢ | ﹇2020﹈ 13 ᠳ᠋ᠤᠭᠠᠷ ᠲᠣᠭᠠᠲᠤ︶ ᠵᠡᠷᠭᠡ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ︵ᠥᠪᠥᠷ ᠰᠤᠷᠭᠠᠨ | ᠬᠥᠮᠦᠵᠢᠯ ᠤᠨ ᠢᠯᠡ ᠪᠠᠷ ᠰᠣᠷᠣᠭᠴᠢ ᠡᠯᠰᠡᠬᠦ ᠲᠤᠰᠬᠠᠶ ᠠᠵᠢᠯᠯᠠᠭ᠎ᠠ ︵2024 ᠣᠨ︶ ᠠᠵᠢᠯ ᠤᠨ ᠲᠥᠰᠦᠯ ᠢ | ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠮᠡᠳᠡᠭᠳᠡᠯ︾ ︵ᠥᠪᠥᠷ ᠰᠤᠷᠭᠠᠨ ᠬᠥᠮᠦᠵᠢᠯ ᠤᠨ ᠢᠯᠡ ᠪᠠᠷ ᠰᠣᠷᠣᠭᠴᠢ ᠡᠯᠰᠡᠬᠦ ᠲᠤᠰᠬᠠᠶ ᠠᠵᠢᠯᠯᠠᠭ᠎ᠠ | ︵2024 ᠣᠨ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠬᠠᠤᠯᠢ | ᠶᠣᠰᠣᠭᠠᠷ ᠰᠤᠷᠭᠠᠭᠤᠯᠢ ᠡᠷᠭᠢᠯᠡᠬᠦ ᠶᠢ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ | ᠦᠶ᠋ᠯᠡ ᠠᠵᠢᠯᠯᠠᠭ᠎ᠠ ᠶᠢ ᠵᠢᠷᠤᠮᠵᠢᠭᠤᠯᠤᠨ᠂ ᠲᠥᠪ ᠭᠤᠤᠯᠴᠢ ᠢᠯᠡ ᠲᠣᠳᠣ ᠰᠣᠷᠣᠭᠴᠢ ᠡᠯᠰᠡᠬᠦ ᠠᠵᠢᠯ ᠤᠨ | ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠣᠨᠴᠠᠭᠠᠶᠢᠯᠠᠨ ᠲᠣᠰ ᠠᠵᠢᠯ ᠤᠨ ᠲᠥᠰᠦᠯ ᠢ ᠲᠣᠭᠲᠠᠭᠠᠪᠠ | ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ | ᠲᠠᠯ᠎ᠠ ᠪᠠᠷ ᠲᠤᠭᠤᠰᠢᠯᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ | ᠬᠥᠭᠵᠢᠯᠲᠡ ᠪᠠ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ | ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ᠂ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ | ᠭᠥᠷᠳᠡᠬᠦ ᠡᠷᠬᠡ ᠠᠰᠢᠭ ᠢ ᠬᠠᠮᠠᠭᠠᠯᠠᠬᠤ ᠪᠠᠷ ᠵᠣᠷᠢᠯᠲᠠ ᠪᠣᠯᠭᠠᠵᠤ᠂ ᠰᠤᠷᠭᠠᠭᠤᠯᠢ ᠡᠷᠭᠢᠯᠡᠬᠦ ᠠᠵᠢᠯᠯᠠᠭ᠎ᠠ ᠶᠢ | ᠵᠢᠷᠤᠮᠵᠢᠭᠤᠯᠤᠨ᠂ ᠰᠣᠷᠣᠭᠴᠢ ᠡᠯᠰᠡᠬᠦ ᠰᠠᠬᠢᠯᠭ᠎ᠠ ᠪᠠᠲᠤ ᠶᠢ ᠴᠢᠩᠳᠠᠯᠠᠵᠤ᠂ ᠰᠣᠷᠣᠭᠴᠢ ᠡᠯᠰᠡᠬᠦ ᠠᠵᠢᠯ ᠤᠨ | ᠰᠢᠨᠵᠢᠯᠡᠬᠦ ᠤᠬᠠᠭᠠᠨᠴᠢ ᠨᠠᠷᠢᠨ ᠨᠢᠮᠪᠠᠶ᠂ ᠡᠮᠬᠢ ᠵᠢᠷᠤᠮ ᠲᠠᠢ ᠥᠨᠳᠥᠷ ᠪᠦᠲᠦᠮᠵᠢᠲᠡᠶ᠂ ᠢᠯᠡ ᠲᠣᠳᠣ ᠲᠥᠪ | ᠭᠤᠤᠯᠴᠢ ᠪᠠᠶᠢᠬᠤ ᠶᠢ ᠦᠨᠡᠨ ᠬᠦ ᠪᠠᠲᠤᠯᠠᠵᠤ᠂ ᠬᠡᠤᠬᠡᠳ ᠨᠢᠭᠡᠪᠦᠷᠢ ᠳᠤ ᠴᠥᠮ ᠡᠷᠬᠡ ᠲᠡᠭᠰᠢ ᠪᠥᠭᠡᠳ ᠴᠢᠨᠠᠷ | ᠰᠠᠶᠢᠲᠠᠶ ᠰᠤᠷᠭᠠᠨ ᠬᠥᠮᠦᠵᠢᠯ ᠬᠦᠷᠲᠡᠭᠡᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠬᠠᠤᠯᠢ ᠲᠣᠭᠲᠠᠭᠠᠯ ᠶᠣᠰᠣᠭᠠᠷ ᠠᠵᠢᠯᠯᠠᠬᠤ ᠶᠢ ᠪᠠᠷᠢᠮᠲᠠᠯᠠᠨ᠎ᠠ᠃ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠲᠣᠬᠢᠷᠠᠬᠤ | ᠨᠠᠰᠤᠨ ᠤ ᠬᠡᠦᠬᠡᠳ ᠪᠠᠭᠠᠴᠤᠳ ᠤᠨ ᠰᠤᠷᠭᠠᠨ ᠬᠥᠮᠦᠵᠢᠯ ᠬᠦᠷᠲᠡᠬᠦ ᠡᠷᠬᠡ ᠶᠢ ᠬᠠᠤᠯᠢ ᠶᠣᠰᠣᠭᠠᠷ ᠪᠠᠲᠤᠯᠠᠬᠤ | ᠬᠡᠷᠡᠭᠲᠡᠶ᠃ | ︵ᠬᠤᠶᠠᠷ︶ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠵᠢᠭᠦᠯᠬᠦ ᠵᠠᠷᠴᠢᠮ ᠢ ᠪᠠᠷᠢᠮᠲᠠᠯᠠᠵᠤ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤ ᠦ᠊ ᠡᠶ᠎ᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠢ | ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠴᠤᠭᠭᠠᠷ ᠠᠳᠬᠤᠨ ᠬᠠᠮᠲᠤᠪᠠᠷ ᠬᠠᠮᠢᠶᠠᠷᠬᠤ ᠬᠡᠷᠡᠭᠲᠡᠶ᠃ | ︵ᠭᠤᠷᠪᠠ︶ ᠰᠢᠯᠭᠠᠬᠤ ᠦᠭᠡᠶ ᠪᠠᠷ ᠣᠶᠢᠷ᠎ᠠ ᠬᠠᠪᠢ ᠳᠤᠨᠢ ᠪᠠ ᠨᠢᠭᠡᠳᠦᠯᠲᠡᠶ ᠲᠥᠯᠥᠪᠯᠡᠨ ᠲᠣᠬᠢᠷᠠᠭᠤᠯᠬᠤ | ᠵᠠᠷᠴᠢᠮ ᠢ ᠪᠠᠷᠢᠮᠲᠠᠯᠠᠬᠤ ᠬᠡᠷᠡᠭᠲᠡᠶ᠃ ᠰᠤᠷᠤᠭᠴᠢ ᠡᠯᠰᠡᠬᠦ ᠬᠡᠪᠴᠢᠶ᠎ᠡ ᠶᠢ ᠵᠦᠶ ᠵᠣᠬᠢᠰᠲᠠᠶ ᠬᠤᠪᠢᠶᠠᠷᠢᠯᠠᠵᠤ᠂ | ᠬᠠᠷᠢᠴᠠᠩᠭᠤᠢ ᠣᠶᠢᠷᠠᠯᠴᠠᠭ᠎ᠠ ᠰᠢᠯᠭᠠᠯᠲᠠ ᠠᠴᠠ ᠬᠡᠯᠲᠦᠷᠢᠭᠦᠯᠵᠦ ᠰᠤᠷᠭᠠᠭᠤᠯᠢ ᠳᠤ ᠣᠷᠣᠨ᠎ᠠ︔ ᠰᠤᠷᠤᠭᠴᠢ ᠶᠢᠨ | ᠢᠷᠡᠯᠲᠡ ᠶᠢᠨ ᠨᠡᠷ᠎ᠡ ᠮᠡᠳᠡᠭᠦᠯᠦᠭᠰᠡᠨ ᠪᠠᠶᠢᠳᠠᠯ ᠢ ᠦᠨᠳᠦᠰᠦᠯᠡᠨ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ | ᠪᠠᠶᠢᠭᠠᠳ ᠰᠤᠷᠭᠠᠭᠤᠯᠢ ᠳᠤ ᠣᠷᠣᠭᠤᠯᠤᠨ᠎ᠠ᠃ | ︵ᠲᠦᠷᠪᠡ︶ ᠡᠷᠬᠡ ᠲᠡᠭᠰᠢ᠂ ᠲᠥᠪ ᠭᠤᠣᠯᠴᠢ᠂ ᠢᠯᠡ ᠪᠠᠶᠢᠯᠭᠠᠬᠤ ᠵᠠᠷᠴᠢᠮ ᠢ ᠪᠠᠷᠢᠮᠲᠠᠯᠠᠵᠤ᠃ ᠰᠤᠷᠤᠭᠴᠢ | ᠡᠯᠰᠡᠬᠦ ᠲᠥᠷᠥ ᠶᠢᠨ ᠪᠣᠳᠣᠯᠭ᠎ᠠ᠂ ᠰᠤᠷᠤᠭᠴᠢ ᠡᠯᠰᠡᠬᠦ ᠲᠥᠯᠥᠪᠯᠡᠭᠡ᠂ ᠰᠤᠷᠤᠭᠴᠢ ᠡᠯᠰᠡᠬᠦ ᠳᠡᠰ ᠳᠠᠷᠠᠭᠠᠯᠠᠯ᠂ | ᠰᠤᠷᠤᠭᠴᠢ ᠡᠯᠰᠡᠬᠦ ᠠᠷᠭ᠎ᠠ ᠮᠠᠶ᠋ᠢᠭ᠂ ᠰᠤᠷᠤᠭᠴᠢ ᠡᠯᠰᠡᠬᠦ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠴᠠᠭ | ᠲᠤᠬᠠᠶ ᠳᠤᠨᠢ ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠨ᠎ᠡ᠃ | ︵ᠲᠠᠪᠤ︶ ᠬᠠᠷᠢᠴᠠᠩᠭᠤᠢ ᠪᠠᠷ ᠲᠣᠭᠲᠠᠭᠤᠨ ᠪᠠᠶᠢᠯᠭᠠᠬᠤ᠂ ᠵᠣᠬᠢᠰᠲᠠᠢ ᠪᠠᠷ ᠲᠣᠬᠢᠷᠠᠭᠤᠯᠤᠯᠲᠠ ᠬᠢᠬᠦ ᠵᠠᠷᠴᠢᠮ ᠢ | ᠪᠠᠷᠢᠮᠲᠠᠯᠠᠵᠤ᠃ ᠰᠤᠷᠭᠠᠭᠤᠯᠢ ᠶᠢᠨ ᠲᠣᠭᠤᠷᠢᠭ ᠤᠨ ᠬᠠᠷᠢᠴᠠᠩᠭᠤᠶ ᠲᠣᠭᠲᠠᠭᠤᠨ ᠪᠠᠶᠢᠬᠤ ᠶᠢ ᠪᠠᠲᠤᠯᠠᠭᠰᠠᠨ ᠰᠠᠭᠤᠷᠢᠨ | ᠳᠡᠭᠡᠷ᠎ᠡ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠬᠥᠮᠦᠨ ᠠᠮᠠ ᠶᠢᠨ | ᠬᠥᠭᠵᠢᠯᠲᠡ ᠶᠢᠨ ᠬᠠᠨᠳᠤᠰᠢ ᠪᠠ ᠬᠤᠶᠠᠷ ᠬᠡᠦᠬᠡᠳ᠂ ᠭᠤᠷᠪᠠᠨ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ | ᠵᠡᠷᠭᠡ ᠬᠦᠴᠦᠨ ᠵᠦᠢᠯ ᠢ ᠦᠨᠳᠦᠰᠦᠯᠡᠨ ᠰᠤᠷᠭᠠᠭᠤᠯᠢ ᠶᠢᠨ ᠲᠣᠭᠤᠷᠢᠭ ᠤᠨ ᠬᠤᠪᠢᠶᠠᠷᠢᠯᠠᠯ ᠤᠨ ᠬᠡᠪᠴᠢᠶ᠎ᠡ ᠶᠢ | ᠵᠣᠬᠢᠰᠲᠠᠶ ᠲᠣᠬᠢᠷᠠᠭᠤᠯᠬᠤ ᠬᠡᠷᠡᠭᠲᠡᠶ᠃ | ᠭᠤᠷᠪᠠ᠂ ᠰᠤᠷᠤᠭᠴᠢ ᠡᠯᠰᠡᠬᠦ ᠰᠤᠷᠭᠠᠭᠤᠯᠢ ᠳᠤ ᠣᠷᠣᠬᠤ ᠠᠷᠭ᠎ᠠ ᠮᠠᠶ᠋ᠢᠭ᠂ ᠨᠥᠬᠦᠴᠡᠯ ᠵᠢᠴᠢ ᠨᠡᠷ᠎ᠡ | ᠮᠡᠳᠡᠭᠦᠯᠵᠦ ᠡᠯᠰᠡᠬᠦ ᠠᠷᠭ᠎ᠠ | ᠮᠠᠨ ᠤ ᠬᠤᠰᠢᠭᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢ ᠡᠯᠰᠡᠬᠦ ᠰᠤᠷᠭᠠᠭᠤᠯᠢ ᠳᠤ ᠣᠷᠣᠬᠤ ᠳᠤ ︽ᠬᠡᠰᠡᠭ ᠬᠤᠪᠢᠶᠠᠨ ᠰᠤᠷᠤᠭᠴᠢ ᠡᠯᠰᠡᠬᠦ ᠶᠢ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠲᠥᠷᠥᠯ ᠬᠤᠪᠢᠶᠠᠨ ᠡᠯᠰᠡᠬᠦ᠂ ᠪᠥᠬᠦ ᠶᠠᠪᠤᠴᠠ ᠶᠢ ᠢᠯᠡ ᠪᠠᠶᠢᠯᠭᠠᠬᠤ︾ | ᠢᠯᠡ ᠪᠠᠷ ᠰᠣᠷᠣᠭᠴᠢ ᠡᠯᠰᠡᠬᠦ ᠠᠵᠢᠯ ᠤᠨ ᠠᠷᠭ᠎ᠠ ᠮᠠᠶ᠋ᠢᠭ ᠢ ᠬᠡᠷᠡᠭᠵᠢᠭᠦᠯᠪᠡ᠃ ᠰᠦᠯᠵᠢᠶᠡᠨ ᠳᠡᠭᠡᠷ᠎ᠡ ᠨᠡᠷ᠎ᠡ | ᠮᠡᠳᠡᠭᠦᠯᠬᠦ᠂ ᠬᠤᠤᠰ ᠰᠦᠯᠵᠢᠶ᠎ᠡ ᠪᠠᠷ ᠬᠢᠨᠠᠨ ᠬᠠᠷᠭᠤᠭᠤᠯᠬᠤ ︵ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ︶᠂ | ᠰᠠᠯᠭᠠᠨ ᠲᠣᠬᠢᠷᠠᠭᠤᠯᠬᠤ ᠪᠠ ᠳ᠋ᠤᠭᠠᠷᠯᠠᠨ ᠲᠣᠮᠢᠯᠠᠬᠤ ᠵᠡᠷᠭᠡ ᠲᠠᠰ ᠳᠠᠷᠠᠭᠠᠯᠠᠯ ᠢᠶᠠᠷ ᠳᠠᠮᠵᠢᠭᠤᠯᠤᠨ᠂ ︽ᠢᠯᠡ ᠪᠠᠷ | ᠰᠣᠷᠣᠭᠴᠢ ᠡᠯᠰᠡᠬᠦ︾ ᠠᠵᠢᠯ ᠢ ᠯᠠᠪᠳᠠᠭᠤᠨ ᠪᠠᠲᠤᠲᠠᠶ᠂ ᠯᠠᠪᠳᠠᠭᠤᠨ᠂ ᠡᠮᠬᠢ ᠵᠢᠷᠤᠮ ᠲᠠᠢ ᠥᠷᠨᠢᠭᠦᠯᠦᠨ᠎ᠡ᠃ | ︵ᠨᠢᠭᠡ︶ ᠡᠯᠰᠡᠬᠦ ᠡᠲᠡᠭᠡᠳ | ᠪᠠᠭ᠎ᠠ ᠰᠤᠷᠭᠠᠭᠤᠯᠢ ᠶᠢᠨ ᠪᠦᠬᠦᠯᠢ 6 ᠨᠠᠰᠤ ︵2018 ᠤᠨ ᠤ 8 ᠰᠠᠷ᠎ᠡ ᠶᠢᠨ 31 ᠤ ᠡᠳᠦᠷ ᠠᠴᠠ | ᠡᠮᠦᠨ᠎ᠡ ᠲᠦᠷᠤᠵᠤ᠂ 8 ᠰᠡᠷ᠎ᠡ ᠶᠢᠨ 31 ᠤ ᠡᠳᠦᠷ ᠲᠦᠷᠤᠬᠦ ᠶᠢ ᠪᠠᠭᠳᠠᠭᠠᠨ᠎ᠠ︶ ᠬᠤᠷᠴᠢᠨ ᠵᠡᠬᠦᠨ ᠭᠠᠷᠤᠨ | ᠬᠤᠶᠢᠳᠤ ᠬᠤᠰᠢᠭᠤᠨ ᠤ ᠡᠷᠦᠭᠡ ᠠᠮᠠ ᠲᠠᠢ ᠬᠡᠤᠬᠡᠳ ᠵᠢᠴᠢ ᠨᠦᠬᠦᠴᠡᠯ ᠳᠤ ᠨᠡᠶᠢᠴᠡᠭᠰᠡᠨ ᠭᠠᠳᠠᠨ᠎ᠠ ᠠᠴᠠ ᠢᠷᠡᠭᠰᠡᠨ | ᠬᠦᠯᠦᠰᠦᠨ ᠠᠵᠢᠯᠴᠢᠳ ᠢ ᠲᠠᠭᠠᠯᠳᠤᠨ ᠨᠡᠬᠦᠭᠰᠡᠨ ᠦᠷ᠎ᠡ ᠭᠡᠤᠭᠡᠳ ᠢ ᠪᠠᠭᠳᠠᠭᠠᠨ᠎ᠠ᠂ ᠨᠢᠭᠡᠨᠳᠡ ᠲᠠᠩᠰᠠᠯᠠᠭᠤᠯᠤᠭᠰᠠᠨ | ᠰᠤᠷᠭᠠᠭᠤᠯᠢ ᠶᠢᠨ ᠬᠠᠷᠢᠶᠠᠯᠠᠯ ᠲᠠᠢ ᠲᠤᠬᠢᠷᠠᠮᠵᠢᠳᠠᠢ ᠨᠠᠰᠤᠨ ᠤ ᠬᠡᠤᠬᠡᠳ ᠢ ᠪᠠᠭᠳᠠᠭᠠᠬᠤ ᠦᠭᠡᠢ︔ ᠰᠤᠷᠭᠠᠭᠤᠯᠢ ᠳᠤ | ᠤᠷᠤᠬᠤ ᠨᠠᠰᠤᠨ ᠤ ᠭᠡᠤᠭᠡᠳ ᠨᠢ ᠪᠤᠰᠤᠳᠴᠢ ᠰᠢᠯᠳᠠᠭᠠᠨ ᠠᠴᠠ ᠪᠤᠯᠵᠤ ᠰᠤᠷᠭᠠᠭᠤᠯᠢ ᠳᠤ ᠤᠷᠤᠬᠤ ᠶᠢ ᠨᠢ | ᠬᠤᠶᠢᠰᠢᠯᠠᠭᠤᠯᠬᠤ ᠱᠠᠭᠠᠷᠳᠠᠯᠭ᠎ᠠ ᠠᠴᠠ ᠪᠤᠯᠵᠥ ᠱᠠᠭᠠᠷᠳᠠᠯᠭ᠎ᠠ ᠶᠤᠰᠤᠭᠠᠷ ︽ᠰᠤᠷᠭᠠᠭᠤᠯᠢ ᠳᠤ ᠤᠷᠤᠬᠤ ᠨᠠᠰᠤᠨ ᠤ | ᠬᠡᠤᠬᠡᠳ ᠪᠠᠭᠠᠴᠤᠤᠨ ᠤᠨ ᠰᠤᠷᠭᠠᠭᠤᠯᠢ ᠳᠤ ᠤᠷᠤᠬᠤ ᠶᠢ ᠬᠤᠶᠢᠰᠢᠯᠠᠭᠤᠯᠬᠤ ᠭᠤᠶᠤᠴᠢᠯᠠᠯ ᠤᠨ ᠬᠦᠰᠦᠨᠦᠭ︾ ᠢ | ᠲᠠᠭᠯᠠᠨ᠎ᠠ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠡᠷᠦᠬᠡ ᠠᠮᠠ ᠶᠢᠨ ᠲᠠᠩᠰᠠ ᠲᠠᠢ ᠪᠤᠶᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠤᠷᠭᠠᠭᠤᠯᠢ ᠶᠢᠨ | ᠬᠠᠷᠢᠶᠠᠯᠠᠯ ᠲᠠᠢ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠪᠠ ᠰᠤᠷᠭᠠᠭᠤᠯᠢ ᠳᠤ ᠣᠷᠣᠬᠤ | ᠨᠥᠬᠦᠴᠡᠯ ᠳᠤ ᠨᠡᠶᠢᠴᠡᠬᠦ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠭᠰᠡᠳ ᠤᠨ ᠦᠷ᠎ᠡ ᠬᠡᠤᠬᠡᠳ ᠢ ᠡᠯᠰᠡᠪᠡ᠃ | ︵ᠬᠤᠶᠠᠷ︶ ᠡᠷᠳᠡᠮ ᠤᠨ ᠴᠤᠯᠠ ᠶᠢᠨ ᠲᠦᠷᠦᠯ ᠰᠢᠨᠵᠢ | ︽ᠬᠠᠷᠢᠴᠠᠩᠭᠤᠢ ᠣᠶᠢᠷ᠎ᠠ ᠬᠠᠪᠢ᠂ ᠰᠢᠯᠭᠠᠬᠤ ᠦᠭᠡᠢ ᠪᠠᠷ ᠰᠤᠷᠭᠠᠭᠤᠯᠢ ᠳᠤ ᠣᠷᠣᠬᠤ᠂ ᠬᠡᠰᠡᠭ ᠬᠤᠪᠢᠶᠠᠨ | ᠰᠤᠷᠤᠭᠴᠢ ᠡᠯᠰᠡᠬᠦ︾ ᠵᠠᠷᠴᠢᠮ ᠶᠣᠰᠣᠭᠠᠷ᠂ ᠪᠣᠢ ᠪᠦᠬᠦᠢ ᠳᠤᠮᠳᠠᠳᠤ ᠪᠠᠭ᠎ᠠ ᠰᠤᠷᠭᠠᠭᠤᠯᠢ ᠨᠤᠭᠤᠳ ᠴᠥᠮ | ᠬᠤᠪᠢᠶᠠᠷᠢᠯᠠᠨ ᠲᠣᠭᠲᠠᠭᠠᠭᠰᠠᠨ ᠰᠤᠷᠭᠠᠭᠤᠯᠢ ᠶᠢᠨ ᠲᠣᠭᠤᠷᠢᠭ ᠢᠶᠠᠷ ᠰᠤᠷᠤᠭᠴᠢ ᠡᠯᠰᠡᠵᠦ᠂ ᠰᠤᠷᠭᠠᠭᠤᠯᠢ ᠶᠢᠨ | ᠲᠣᠭᠤᠷᠢᠭ ᠲᠠᠬᠢ ︽ᠭᠡᠷ ᠡᠷᠦᠬᠡ ᠨᠢ ᠨᠢᠭᠡᠳᠦᠯᠲᠡᠢ ᠪᠠᠶᠢᠵᠤ︾᠂ ᠭᠡᠷ ᠪᠠᠶᠢᠰᠢᠩ ᠨᠢ ᠨᠢᠭᠡᠳᠦᠯ ᠦᠭᠡᠢ ᠪᠣᠯ᠂ | ᠥᠪᠡᠷ ᠤᠨ ᠣᠷᠣᠨ ᠰᠠᠭᠤᠴᠠ ᠪᠠᠷ ᠪᠠᠷᠢᠮᠵᠢᠶ᠎ᠠ ᠪᠣᠯᠭᠠᠨ ᠵᠣᠬᠢᠴᠠᠩᠭᠤᠢ ᠰᠤᠷᠭᠠᠭᠤᠯᠢ ᠶᠢᠨ ᠰᠤᠷᠭᠠᠭᠤᠯᠢ ᠳᠤ ᠣᠷᠣᠵᠤ | ᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠵᠢᠴᠢ ᠲᠡᠭᠦᠨ ᠤ ᠡᠴᠢᠭᠡ ᠡᠬᠡ ︵ᠬᠠᠤᠯᠢ ᠪᠠᠷ | ᠲᠣᠭᠲᠠᠭᠠᠭᠰᠠᠨ ᠬᠢᠨᠠᠨ ᠬᠠᠮᠠᠭᠠᠯᠠᠭᠴᠢ︶ ᠶᠢᠨ ᠰᠠᠭᠤᠬᠤ ᠪᠠ ᠡᠷᠦᠬᠡ ᠠᠮᠠ ᠶᠢᠨ ᠪᠠᠶᠢᠳᠠᠯ ᠢ ᠦᠨᠳᠦᠰᠦᠯᠡᠨ | ᠰᠤᠷᠭᠠᠭᠤᠯᠢ ᠨᠢᠭᠡᠪᠦᠷᠢ ᠶᠢᠨ ᠰᠤᠷᠭᠠᠭᠤᠯᠢ ᠶᠢᠨ ᠲᠣᠭᠤᠷᠢᠭ ᠤᠨ ᠳᠣᠲᠣᠷᠠᠬᠢ ᠡᠷᠳᠡᠮ ᠤᠨ ᠴᠣᠯᠠ ᠶᠢ ᠲᠠᠪᠤᠨ | ᠲᠥᠷᠥᠯ ᠪᠣᠯᠭᠠᠨ ᠬᠤᠪᠢᠶᠠᠷᠢᠯᠠᠵᠤ᠂ ᠵᠢᠭᠰᠠᠭᠠᠯᠲᠠ ᠠᠴᠠ ᠡᠮᠦᠨ᠎ᠡ ᠬᠤᠶᠢᠨ᠎ᠠ ᠳᠡᠰ ᠳᠠᠷᠠᠭᠠᠯᠠᠨ ᠡᠯᠰᠡᠨ᠎ᠡ᠃ | A ᠲᠥᠷᠥᠯ᠄ ᠭᠡᠷ ᠲᠠᠢ ᠪᠠᠶᠢᠳᠠᠭ᠃ ᠲᠤᠬᠠᠶᠢᠯᠠᠪᠠᠯ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ | ᠪᠠᠭᠠᠴᠤᠳ ᠬᠢᠭᠡᠳ ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠪᠣᠯ ᠬᠠᠷᠠᠭᠠᠯᠵᠠᠭᠰᠠᠨ | ᠰᠤᠷᠭᠠᠭᠤᠯᠢ ᠶᠢᠨ ᠲᠣᠭᠤᠷᠢᠭ ᠤᠨ ᠡᠷᠦᠬᠡ ᠠᠮᠠ ︵ᠰᠤᠷᠭᠠᠭᠤᠯᠢ ᠳᠤ ᠤᠷᠤᠭᠰᠠᠨ ᠬᠡᠦᠬᠡᠳ᠂ ᠪᠠᠭᠠᠴᠤᠳ ᠬᠢᠭᠡᠳ | ᠨᠠᠭᠠᠳᠤ ᠵᠠᠬ᠎ᠠ ᠳᠤ ᠪᠠᠨ ᠬᠠᠤᠯᠢ ᠪᠠᠷ ᠲᠣᠭᠲᠠᠭᠠᠭᠰᠠᠨ 1 ᠬᠠᠷᠠᠭᠠᠯᠵᠠᠨ ᠬᠠᠮᠠᠭᠠᠯᠠᠭᠴᠢ ᠨᠢ ᠠᠳᠠᠯᠢ ᠨᠢᠭᠡ ᠡᠷᠦᠬᠡ | ᠠᠮᠠ ᠶᠢᠨ ᠳᠡᠪᠲᠡᠷ ᠳᠡᠭᠡᠷ᠎ᠡ︶᠂ ᠭᠡᠷ ᠬᠥᠷᠥᠩᠭᠡ ᠶᠢ ᠰᠤᠷᠭᠠᠭᠤᠯᠢ ᠶᠢᠨ ᠲᠣᠭᠤᠷᠢᠭ ᠲᠤ ᠰᠠᠭᠤᠯᠭᠠᠵᠤ᠂ ᠭᠡᠷ | ᠬᠥᠷᠥᠩᠭᠡ ᠶᠢᠨ ᠦᠨᠡᠮᠯᠡᠯ ᠤᠨ ᠡᠷᠬᠡ ᠶᠢᠨ ᠬᠠᠷᠢᠶᠠᠯᠠᠯ ᠢ ᠨᠢ ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ | ᠬᠠᠮᠠᠭᠠᠯᠠᠭᠴᠢ︶ ᠶᠢᠨ ᠬᠤᠶᠠᠷ ᠲᠠᠯ᠎ᠠ ᠶᠢᠨ ᠨᠢᠭᠡ ᠪᠣᠯᠬᠤ ᠪᠥᠭᠡᠳ ᠪᠣᠳᠠᠲᠠᠢ ᠣᠷᠣᠰᠢᠨ ᠰᠠᠭᠤᠵᠤ᠂ ᠪᠣᠳᠠᠲᠠᠢ | ᠰᠠᠭᠤᠭ᠎ᠠ ᠭᠡᠷ ᠬᠥᠷᠥᠩᠭᠡ ᠪᠠᠷ ᠢᠶᠠᠨ ᠰᠤᠷᠭᠠᠭᠤᠯᠢ ᠶᠢᠨ ᠲᠣᠭᠤᠷᠢᠭ ᠢ ᠲᠣᠭᠲᠠᠭᠠᠨ᠎ᠠ᠃ ᠨᠡᠷ᠎ᠡ ᠮᠡᠳᠡᠭᠦᠯᠬᠦ ᠳᠡᠭᠡᠨ | ᠳᠣᠤᠷᠠᠬᠢ ᠮᠡᠲᠦ ᠴᠢᠬᠤᠯᠠ ᠨᠥᠬᠦᠴᠡᠯ ᠢ ᠲᠤᠰᠢᠶᠠᠬᠤ ᠬᠡᠷᠡᠭᠲᠡᠶ᠄ | ︵1︶ ᠬᠤᠶᠠᠳᠤᠭᠠᠷ ᠦᠶ᠎ᠡ ᠶᠢᠨ ᠡᠷᠦᠬᠡ ᠠᠮᠠ ᠶᠢᠨ ᠳᠡᠪᠲᠡᠷ᠃ ᠰᠤᠷᠭᠠᠭᠤᠯᠢ ᠳᠤ ᠣᠷᠣᠭᠰᠠᠨ ᠰᠤᠷᠤᠭᠴᠢ | ᠡᠷᠬᠡᠪᠰᠢ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠲᠠᠢ ᠨᠢᠭᠡ ᠡᠷᠦᠬᠡ ᠠᠮᠠ ᠶᠢᠨ ᠳᠡᠪᠲᠡᠷ ᠳᠡᠭᠡᠷ᠎ᠡ ︵ | ᠬᠠᠮᠲᠤ ᠦᠭᠡᠢ ᠪᠣᠯ ᠬᠠᠮᠢᠶ᠎ᠠ ᠪᠦᠬᠦᠢ ᠭᠡᠷᠡᠴᠢ ᠬᠠᠩᠭᠠᠬᠤ ᠬᠡᠷᠡᠭᠲᠡᠢ︶ ︽ᠵᠠ︾ ᠭᠡᠳ | ︵2︶ ᠰᠤᠷᠬᠤ ᠨᠠᠰᠤᠨ ᠤ ᠬᠡᠦᠬᠡᠳ ᠤᠨ ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ | ᠭᠡᠷ ᠤᠨ ᠭᠡᠷᠡᠴᠢ ᠪᠠᠶᠢᠨ᠎ᠠ᠃ | B ᠲᠥᠷᠥᠯ᠄ ᠡᠪᠦᠭᠡ ᠳᠡᠭᠡᠳᠦᠰ᠃ ᠲᠤᠬᠠᠶᠢᠯᠠᠪᠠᠯ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ | ᠪᠠᠭᠠᠴᠤᠳ ᠬᠢᠭᠡᠳ ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠪᠣᠯ ᠰᠤᠷᠭᠠᠭᠤᠯᠢ ᠶᠢᠨ | ᠲᠣᠭᠤᠷᠢᠭ ᠤᠨ ᠡᠷᠦᠬᠡ ᠠᠮᠠ ᠶᠢᠨ ᠬᠠᠷᠢᠶ᠎ᠠ᠂ ᠡᠪᠦᠭᠡ ᠡᠮᠡᠭᠡ ᠶᠢᠨ ᠭᠤᠷᠪᠠᠨ ᠦᠶ᠎ᠡ ᠶᠢᠨ ᠡᠷᠦᠬᠡ ᠠᠮᠠ ᠨᠢ | ᠠᠳᠠᠯᠢᠬᠠᠨ ᠨᠢᠭᠡ ᠡᠷᠦᠬᠡ ᠠᠮᠠ ᠶᠢᠨ ᠳᠡᠪᠲᠡᠷ᠂ ᠲᠡᠭᠦᠨ ᠤ ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ | ᠬᠠᠮᠠᠭᠠᠯᠠᠭᠴᠢ︶ ᠶᠢᠨ ᠨᠡᠷᠡᠶᠢᠳᠦᠯ ᠤᠨ ᠳᠣᠣᠷ᠎ᠠ ᠭᠡᠷ ᠬᠦᠷᠦᠩᠭᠡ ᠪᠠᠶᠢᠬᠤ ᠦᠭᠡᠢ᠂ ᠡᠪᠦᠭᠡ ᠡᠮᠡᠭᠡ ᠪᠤᠶᠤ ᠨᠠᠭᠠᠴᠤ | ᠡᠪᠦᠭᠡ ᠡᠮᠡᠭᠡ ᠨᠢ ᠬᠠᠮᠲᠤ ᠳᠠᠭᠠᠨ ᠣᠷᠣᠰᠢᠨ ᠰᠠᠭᠤᠵᠤ ᠪᠠᠶᠢᠳᠠᠭ᠂ ᠭᠡᠷ ᠬᠥᠷᠥᠩᠭᠡ ᠶᠢᠨ ᠦᠨᠡᠮᠯᠡᠯ ᠤᠨ ᠡᠷᠬᠡ ᠶᠢᠨ | ᠬᠠᠷᠢᠶᠠᠯᠠᠯ ᠢ ᠨᠢ ᠬᠠᠷᠢᠶᠠᠯᠠᠭᠴᠢ ᠨᠢ ᠡᠪᠦᠭᠡ ᠡᠮᠡᠭᠡ ᠪᠤᠶᠤ ᠨᠠᠭᠠᠴᠤ ᠡᠪᠦᠭᠡ ᠡᠮᠡᠭᠡ ᠨᠢ ᠪᠣᠯᠣᠨ᠎ᠠ᠃ ᠬᠡᠷᠪᠡ ᠡᠴᠢᠭᠡ | ᠡᠬᠡ ᠨᠢ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠳᠤ ᠭᠡᠷ ᠬᠥᠷᠥᠩᠭᠡ ᠲᠠᠢ ᠪᠣᠯ ᠡᠴᠢᠭᠡ ᠡᠬᠡ ᠶᠢᠨ | ᠭᠡᠷ ᠬᠥᠷᠥᠩᠭᠡ ᠯᠦᠭᠡ ᠲᠣᠬᠢᠷᠠᠯᠴᠠᠭᠰᠠᠨ ᠰᠤᠷᠭᠠᠭᠤᠯᠢ ᠶᠢᠨ ᠲᠣᠭᠤᠷᠢᠭ ᠢᠶᠠᠷ ᠭᠤᠶᠤᠴᠢᠯᠠᠨ ᠮᠡᠳᠡᠭᠦᠯᠦᠨ᠎ᠡ᠃ ᠨᠡᠷ᠎ᠡ | ᠮᠡᠳᠡᠭᠦᠯᠬᠦ ᠳᠡᠭᠡᠨ ᠳᠣᠤᠷᠠᠬᠢ ᠮᠡᠲᠦ ᠴᠢᠬᠤᠯᠠ ᠨᠥᠬᠦᠴᠡᠯ ᠢ ᠲᠤᠰᠢᠶᠠᠬᠤ ᠬᠡᠷᠡᠭᠲᠡᠶ᠄ | ︵1︶ ᠬᠤᠶᠠᠳᠤᠭᠠᠷ ᠦᠶ᠎ᠡ ᠶᠢᠨ ᠡᠷᠦᠬᠡ ᠠᠮᠠ ᠶᠢᠨ ᠳᠡᠪᠲᠡᠷ᠃ ᠰᠤᠷᠭᠠᠭᠤᠯᠢ ᠳᠤ ᠣᠷᠣᠭᠰᠠᠨ ᠰᠤᠷᠤᠭᠴᠢ | ᠡᠷᠬᠡᠪᠰᠢ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠲᠠᠢ ᠨᠢᠭᠡ ᠡᠷᠦᠬᠡ ᠠᠮᠠ ᠶᠢᠨ ᠳᠡᠪᠲᠡᠷ ᠳᠡᠭᠡᠷ᠎ᠡ ︵ | ᠬᠠᠮᠲᠤ ᠦᠭᠡᠢ ᠪᠣᠯ ᠬᠠᠮᠢᠶ᠎ᠠ ᠪᠦᠬᠦᠢ ᠭᠡᠷᠡᠴᠢ ᠬᠠᠩᠭᠠᠬᠤ ᠬᠡᠷᠡᠭᠲᠡᠢ︶ ︽ᠵᠠ︾ ᠭᠡᠳ | ︵2︶ ᠰᠤᠷᠭᠠᠭᠤᠯᠢ ᠳᠤ ᠤᠷᠤᠬᠤ ᠨᠠᠰᠤᠨ ᠤ ᠬᠡᠤᠬᠡᠳ ᠤᠨ ᠡᠪᠦᠭᠡ ᠡᠮᠡᠭᠡ ︵ᠪᠤᠶᠤ ᠨᠠᠭᠠᠴᠤ ᠡᠪᠦᠭᠡ ᠡᠮᠡᠭᠡ︶ | ︶ ᠭᠡᠷ ᠬᠥᠷᠥᠩᠭᠡ ᠶᠢᠨ ᠭᠡᠷᠡᠴᠢᠯᠡᠯ᠃ | C ᠲᠥᠷᠥᠯ᠄ ᠭᠡᠷ ᠲᠦᠷᠢᠶᠡᠰᠦᠯᠡᠵᠦ ᠥᠭᠭᠦᠨ᠎ᠡ᠃ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ | ᠪᠠᠭᠠᠴᠤᠳ ᠬᠢᠭᠡᠳ ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠪᠣᠯ ᠬᠠᠷᠠᠭᠠᠯᠵᠠᠭᠰᠠᠨ | ᠰᠤᠷᠭᠠᠭᠤᠯᠢ ᠶᠢᠨ ᠲᠣᠭᠤᠷᠢᠭ ᠤᠨ ᠡᠷᠦᠬᠡ ᠠᠮᠠ ︵ᠰᠤᠷᠭᠠᠭᠤᠯᠢ ᠳᠤ ᠤᠷᠤᠭᠰᠠᠨ ᠬᠡᠦᠬᠡᠳ᠂ ᠪᠠᠭᠠᠴᠤᠳ ᠬᠢᠭᠡᠳ | ᠨᠠᠭᠠᠳᠤ ᠵᠠᠬ᠎ᠠ ᠳᠠᠭᠠᠨ ᠬᠠᠤᠯᠢ ᠪᠠᠷ ᠲᠣᠭᠲᠠᠭᠠᠭᠰᠠᠨ 1 ᠬᠠᠷᠠᠭᠠᠯᠵᠠᠨ ᠬᠠᠮᠠᠭᠠᠯᠠᠭᠴᠢ ᠨᠢ ᠨᠢᠭᠡ ᠡᠷᠦᠬᠡ ᠠᠮᠠ ᠶᠢᠨ | ᠳᠡᠪᠲᠡᠷ ᠲᠤ ᠪᠠᠶᠢᠬᠤ︶᠂ ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠶᠢᠨ ᠨᠡᠷ᠎ᠡ ᠪᠠᠷ | ᠭᠡᠷ ᠪᠠᠶᠢᠰᠢᠩ ᠪᠠᠶᠢᠬᠤ ᠦᠭᠡᠢ᠂ ᠭᠡᠷ ᠪᠠᠶᠢᠰᠢᠩ ᠳᠦᠷᠢᠶᠡᠰᠦᠯᠡᠵᠦ ᠰᠠᠭᠤᠵᠤ ᠪᠠᠶᠢᠬᠤ ᠦᠭᠡᠢ᠃ ᠬᠡᠷᠪᠡ ᠠᠪᠤ | ᠡᠵᠢ ᠨᠢ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠭᠡᠷ ᠬᠥᠷᠥᠩᠭᠡ ᠲᠠᠢ ᠪᠣᠯ᠂ ︽ᠣᠶᠢᠷ᠎ᠠ | ᠬᠠᠪᠢ ᠳᠤᠨᠢ︾ ᠪᠠᠶᠢᠬᠤ ᠵᠠᠷᠴᠢᠮ ᠶᠣᠰᠣᠭᠠᠷ ᠭᠡᠷ ᠬᠥᠷᠥᠩᠭᠡ ᠶᠢᠨ ᠲᠣᠬᠢᠷᠠᠯᠴᠠᠭᠰᠠᠨ ᠰᠤᠷᠭᠠᠭᠤᠯᠢ ᠶᠢᠨ ᠲᠣᠭᠤᠷᠢᠭ ᠢ | ᠭᠤᠶᠤᠴᠢᠯᠠᠨ ᠮᠡᠳᠡᠭᠦᠯᠦᠨ᠎ᠡ᠃ ᠨᠡᠷ᠎ᠡ ᠮᠡᠳᠡᠭᠦᠯᠬᠦ ᠳᠡᠭᠡᠨ ᠳᠣᠣᠷᠠᠬᠢ ᠴᠢᠬᠤᠯᠠ ᠨᠥᠬᠦᠴᠡᠯ ᠤᠳ ᠢ ᠲᠤᠰᠢᠶᠠᠬᠤ | ᠬᠡᠷᠡᠭᠲᠡᠶ᠄ | ︵1︶ ᠬᠤᠶᠠᠳᠤᠭᠠᠷ ᠦᠶ᠎ᠡ ᠶᠢᠨ ᠡᠷᠦᠬᠡ ᠠᠮᠠ ᠶᠢᠨ ᠳᠡᠪᠲᠡᠷ᠃ ᠰᠤᠷᠭᠠᠭᠤᠯᠢ ᠳᠤ ᠣᠷᠣᠭᠰᠠᠨ ᠰᠤᠷᠤᠭᠴᠢ | ᠡᠷᠬᠡᠪᠰᠢ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠲᠠᠢ ᠨᠢᠭᠡ ᠡᠷᠦᠬᠡ ᠠᠮᠠ ᠶᠢᠨ ᠳᠡᠪᠲᠡᠷ ᠳᠡᠭᠡᠷ᠎ᠡ ︵ | ᠬᠠᠮᠲᠤ ᠦᠭᠡᠢ ᠪᠣᠯ ᠬᠠᠮᠢᠶ᠎ᠠ ᠪᠦᠬᠦᠢ ᠭᠡᠷᠡᠴᠢ ᠬᠠᠩᠭᠠᠬᠤ ᠬᠡᠷᠡᠭᠲᠡᠢ︶ ︽ᠵᠠ︾ ᠭᠡᠳ | ︵2︶ ᠭᠡᠷ ᠲᠦᠷᠢᠶᠡᠰᠦᠯᠡᠬᠦ ᠭᠡᠷ᠎ᠡ ᠵᠢᠴᠢ ᠨᠡᠶᠢᠭᠡᠮ ᠲᠣᠭᠤᠷᠢᠭ ᠤᠨ ᠭᠠᠷᠭᠠᠭᠰᠠᠨ ᠣᠷᠣᠨ ᠰᠠᠭᠤᠴᠠ ᠶᠢᠨ | ᠭᠡᠷᠡᠴᠢ᠃ | D ᠲᠥᠷᠥᠯ᠄ ᠭᠠᠳᠠᠷ ᠡᠷᠦᠬᠡ ᠭᠡᠷ ᠲᠠᠢ᠃ ᠲᠤᠬᠠᠶᠢᠯᠠᠪᠠᠯ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ | ᠪᠠᠭᠠᠴᠤᠳ ᠬᠢᠭᠡᠳ ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠶᠢᠨ ᠵᠣᠬᠢᠴᠠᠯᠳᠤᠬᠤ | ᠰᠤᠷᠭᠠᠭᠤᠯᠢ ᠶᠢᠨ ᠣᠷᠣᠨ ᠤ ᠳᠣᠲᠣᠷᠠᠬᠢ ᠡᠷᠦᠬᠡ ᠠᠮᠠ ᠶᠢᠨ ᠳᠠᠩᠰᠠ ᠲᠠᠢ ᠪᠤᠰᠤ ᠪᠣᠯᠪᠠᠴᠤ ᠬᠠᠷᠠᠭᠠᠯᠵᠠᠭᠰᠠᠨ | ᠰᠤᠷᠭᠠᠭᠤᠯᠢ ᠶᠢᠨ ᠣᠷᠣᠨ ᠳᠤ ᠭᠡᠷ ᠪᠠᠶᠢᠰᠢᠩ ᠬᠤᠳᠠᠯᠳᠤᠨ ᠠᠪᠬᠤ ᠶᠢᠨ ᠬᠠᠮᠲᠤ ᠪᠣᠳᠠᠲᠠᠶ ᠰᠠᠭᠤᠵᠤ ᠪᠠᠶᠢᠨ᠎ᠠ᠂ ᠭᠡᠷ | ᠬᠥᠷᠥᠩᠭᠡ ᠶᠢᠨ ᠦᠨᠡᠮᠯᠡᠯ ᠤᠨ ᠡᠷᠬᠡ ᠶᠢᠨ ᠬᠠᠷᠢᠶ᠎ᠠ ᠶᠢᠨ ᠬᠥᠮᠦᠨ ᠨᠢ ᠲᠣᠬᠢᠷᠠᠬᠤ ᠨᠠᠰᠤᠨ ᠤ ᠬᠡᠦᠬᠡᠳ᠂ | ᠪᠠᠭᠠᠴᠤᠳ ᠤᠨ ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠶᠢᠨ ᠬᠤᠶᠠᠷ ᠲᠠᠯ᠎ᠠ ᠶᠢᠨ | ᠨᠢᠭᠡ ᠳᠤᠨᠢ ᠬᠠᠷᠢᠶᠠᠯᠠᠭᠳᠠᠨ᠎ᠠ᠃ ᠨᠡᠷ᠎ᠡ ᠮᠡᠳᠡᠭᠦᠯᠬᠦ ᠳᠡᠭᠡᠨ ᠳᠣᠤᠷᠠᠬᠢ ᠮᠡᠲᠦ ᠴᠢᠬᠤᠯᠠ ᠨᠥᠬᠦᠴᠡᠯ ᠢ ᠲᠤᠰᠢᠶᠠᠬᠤ | ᠬᠡᠷᠡᠭᠲᠡᠶ᠄ | ︵1︶ ᠬᠤᠶᠠᠳᠤᠭᠠᠷ ᠦᠶ᠎ᠡ ᠶᠢᠨ ᠡᠷᠦᠬᠡ ᠠᠮᠠ ᠶᠢᠨ ᠳᠡᠪᠲᠡᠷ᠃ ᠰᠤᠷᠭᠠᠭᠤᠯᠢ ᠳᠤ ᠣᠷᠣᠭᠰᠠᠨ ᠰᠤᠷᠤᠭᠴᠢ | ᠡᠷᠬᠡᠪᠰᠢ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠲᠠᠢ ᠨᠢᠭᠡ ᠡᠷᠦᠬᠡ ᠠᠮᠠ ᠶᠢᠨ ᠳᠡᠪᠲᠡᠷ ᠳᠡᠭᠡᠷ᠎ᠡ ︵ | ᠬᠠᠮᠲᠤ ᠦᠭᠡᠢ ᠪᠣᠯ ᠬᠠᠮᠢᠶ᠎ᠠ ᠪᠦᠬᠦᠢ ᠭᠡᠷᠡᠴᠢ ᠬᠠᠩᠭᠠᠬᠤ ᠬᠡᠷᠡᠭᠲᠡᠢ︶ ︽ᠵᠠ︾ ᠭᠡᠳ | ︵2. ᠰᠤᠷᠬᠤ ᠨᠠᠰᠤᠨ ᠤ ᠬᠡᠦᠬᠡᠳ ᠤᠨ ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ | ᠭᠡᠷ ᠤᠨ ᠭᠡᠷᠡᠴᠢ ᠪᠠᠶᠢᠨ᠎ᠠ᠃ | E ᠲᠥᠷᠥᠯ᠄ ᠭᠠᠳᠠᠷ ᠡᠷᠦᠬᠡ ᠭᠡᠷ ᠲᠦᠷᠢᠶᠡᠰᠦᠯᠡᠨ᠎ᠡ᠃ ᠲᠤᠬᠠᠶᠢᠯᠠᠪᠠᠯ ᠰᠤᠷᠭᠠᠭᠤᠯᠢ ᠳᠤ ᠣᠷᠣᠬᠤ ᠨᠠᠰᠤᠨ ᠤ | ᠬᠡᠦᠬᠡᠳ᠂ ᠪᠠᠭᠠᠴᠤᠳ ᠬᠢᠭᠡᠳ ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ | ᠬᠠᠷᠠᠭᠠᠯᠵᠠᠭᠰᠠᠨ ᠰᠤᠷᠭᠠᠭᠤᠯᠢ ᠶᠢᠨ ᠣᠷᠣᠨ ᠤ ᠳᠣᠲᠣᠷᠠᠬᠢ ᠡᠷᠦᠬᠡ ᠠᠮᠠ ᠶᠢᠨ ᠬᠠᠷᠢᠶ᠎ᠠ ᠪᠠᠷ᠂ ᠲᠡᠭᠦᠨ ᠤ ᠡᠴᠢᠭᠡ | ᠡᠬᠡ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠬᠠᠷᠠᠭᠠᠯᠵᠠᠭᠰᠠᠨ ᠰᠤᠷᠭᠠᠭᠤᠯᠢ ᠶᠢᠨ ᠲᠣᠭᠤᠷᠢᠭ ᠲᠤ | ᠬᠦᠴᠦ ᠶᠠᠪᠤᠬᠤ ᠪᠤᠶᠤ ᠬᠤᠳᠠᠯᠳᠤᠭ᠎ᠠ ᠡᠷᠬᠢᠯᠡᠬᠦ᠂ ᠭᠡᠷ ᠪᠠᠶᠢᠰᠢᠩ ᠦᠭᠡᠢ ᠮᠥᠷᠲᠡᠭᠡᠨ ᠭᠡᠷ ᠪᠠᠶᠢᠰᠢᠩ ᠲᠦᠷᠢᠶᠡᠰᠦᠯᠡᠬᠦ | ᠠᠵᠢᠯ ᠨᠢ ᠬᠠᠭᠠᠰ ᠵᠢᠯ ᠠᠴᠠ ᠳᠡᠭᠡᠭᠰᠢ ︵ᠣᠷᠣᠰᠢᠨ ᠰᠠᠭᠤᠬᠤ ᠶᠢ ᠱᠠᠭᠠᠷᠳᠠᠵᠤ᠂ 2024 ᠣᠨ ᠤ 3 ᠰᠠᠷ᠎ᠠ ᠶᠢᠨ | 1 ᠤ ᠡᠳᠦᠷ ᠠᠴᠠ ᠡᠮᠦᠨ᠎ᠡ ᠠᠵᠢᠯᠯᠠᠨ᠎ᠠ︶᠃ ᠨᠡᠷ᠎ᠡ ᠮᠡᠳᠡᠭᠦᠯᠬᠦ ᠳᠡᠭᠡᠨ ᠳᠣᠤᠷᠠᠬᠢ ᠮᠡᠲᠦ ᠴᠢᠬᠤᠯᠠ ᠨᠥᠬᠦᠴᠡᠯ ᠢ | ᠲᠤᠰᠢᠶᠠᠬᠤ ᠬᠡᠷᠡᠭᠲᠡᠶ᠄ | ︵1︶ ᠬᠤᠶᠠᠳᠤᠭᠠᠷ ᠦᠶ᠎ᠡ ᠶᠢᠨ ᠡᠷᠦᠬᠡ ᠠᠮᠠ ᠶᠢᠨ ᠳᠡᠪᠲᠡᠷ᠃ ᠰᠤᠷᠭᠠᠭᠤᠯᠢ ᠳᠤ ᠣᠷᠣᠭᠰᠠᠨ ᠰᠤᠷᠤᠭᠴᠢ | ᠡᠷᠬᠡᠪᠰᠢ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠲᠠᠢ ᠨᠢᠭᠡ ᠡᠷᠦᠬᠡ ᠠᠮᠠ ᠶᠢᠨ ᠳᠡᠪᠲᠡᠷ ᠳᠡᠭᠡᠷ᠎ᠡ ︵ | ᠬᠠᠮᠲᠤ ᠦᠭᠡᠢ ᠪᠣᠯ ᠬᠠᠮᠢᠶ᠎ᠠ ᠪᠦᠬᠦᠢ ᠭᠡᠷᠡᠴᠢ ᠬᠠᠩᠭᠠᠬᠤ ᠬᠡᠷᠡᠭᠲᠡᠢ︶ ︽ᠵᠠ︾ ᠭᠡᠳ | ︵2︶ ᠣᠷᠣᠰᠢᠨ ᠰᠠᠭᠤᠬᠤ᠂ ᠬᠦᠴᠦ ᠶᠠᠪᠤᠬᠤ ᠪᠤᠶᠤ ᠬᠤᠳᠠᠯᠳᠤᠭ᠎ᠠ ᠡᠷᠬᠢᠯᠡᠬᠦ ᠭᠡᠷᠡᠴᠢ᠃ ᠤᠷᠠᠳ ᠤᠨ | ᠬᠤᠶᠢᠲᠤ ᠬᠤᠰᠢᠭᠤᠨ ᠤ ᠡᠷᠦᠬᠡ ᠠᠮᠠ ᠲᠠᠢ ᠰᠤᠷᠤᠭᠴᠢᠳ ᠭᠠᠨᠵᠤᠭ᠎ᠠ ᠪᠠᠯᠭᠠᠰᠤᠨ ᠤ ᠬᠤᠲᠠ ᠶᠢᠨ ᠲᠣᠭᠤᠷᠢᠭ ᠤᠨ | ᠰᠤᠷᠭᠠᠭᠤᠯᠢ ᠳᠤ ᠬᠦᠷᠴᠦ ︽ᠬᠤᠰᠢᠭᠤᠨ ᠳᠣᠲᠣᠷᠠᠬᠢ ᠬᠦᠴᠦ ᠶᠠᠪᠤᠭᠰᠠᠳ ᠤᠨ ᠦᠷ᠎ᠡ ᠬᠡᠤᠬᠡᠳ ᠤᠨ | ᠰᠤᠷᠭᠠᠭᠤᠯᠢ ᠳᠤ ᠣᠷᠣᠬᠤ ᠭᠤᠶᠤᠴᠢᠯᠠᠯ ᠤᠨ ᠬᠦᠰᠦᠨᠦᠭᠲᠦ︾ ᠶᠢ ᠭᠦᠢᠴᠡᠳᠬᠡᠪᠡ︔ ᠪᠤᠰᠤᠳ ᠬᠡᠰᠡᠭ ᠣᠷᠣᠨ ᠤ | ᠬᠥᠳᠡᠭᠡ ᠲᠣᠰᠬᠤᠨ ᠤ ᠰᠤᠷᠭᠠᠭᠤᠯᠢ ᠳᠤ ᠬᠦᠷᠴᠦ ︽ᠬᠥᠳᠡᠭᠡ ᠲᠣᠰᠬᠤᠨ ᠤ ᠡᠷᠦᠬᠡ ᠠᠮᠠ ᠶᠢᠨ ᠪᠤᠰᠤ ᠭᠠᠵᠠᠷ ᠤᠨ | ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠭᠤᠶᠤᠴᠢᠯᠠᠯ ᠤᠨ ᠬᠦᠰᠦᠨᠦᠭᠲᠦ︾ ᠭᠦᠢᠴᠡᠳᠬᠡᠪᠡ︔ ᠬᠤᠶᠢᠲᠤ | ᠬᠤᠰᠢᠭᠤ ᠠᠴᠠ ᠭᠠᠳᠠᠨᠠᠬᠢ ᠡᠷᠦᠬᠡ ᠠᠮᠠ ᠶᠢᠨ ᠰᠣᠷᠣᠭᠴᠢ ᠨᠡᠶᠢᠭᠡᠮ ᠲᠣᠭᠤᠷᠢᠭ ᠤᠨ ᠣᠷᠣᠰᠢᠨ ᠰᠠᠭᠤᠬᠤ ᠦᠨᠡᠮᠯᠡᠯ | ᠪᠠ ᠬᠦᠴᠦ ᠶᠠᠪᠤᠬᠤ ᠭᠡᠷᠡᠴᠢ ᠶᠢ ᠬᠠᠩᠭᠠᠭᠠᠳ ᠰᠤᠷᠭᠠᠭᠤᠯᠢ ᠳᠤ ᠣᠷᠣᠬᠤ ᠴᠢᠬᠤᠯᠠ ᠥᠬᠡᠶ ᠪᠣᠯᠪᠠ︔ | ᠬᠤᠳᠠᠯᠳᠤᠭ᠎ᠠ ᠡᠷᠭᠢᠯᠡᠬᠦ ᠬᠥᠮᠦᠰ ᠤᠨ ᠦᠷ᠎ᠡ ᠬᠡᠤᠬᠡᠳ ᠡᠵᠡᠩᠨᠡᠯᠲᠡ ᠶᠢᠨ ᠦᠨᠡᠮᠯᠡᠯ ᠪᠤᠶᠤ ᠠᠵᠤ ᠠᠬᠤᠶᠢᠯᠠᠯ ᠤᠨ | ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠬᠠᠩᠭᠠᠪᠠᠯ ᠳᠠᠷᠤᠶ ᠬᠠᠮᠢᠶ᠎ᠠ ᠪᠥᠬᠦᠶ ᠭᠤᠶᠤᠴᠢᠯᠠᠯ ᠤᠨ | ᠬᠦᠰᠦᠨᠦᠭᠲᠦ ᠶᠢ ᠲᠠᠭᠯᠠᠬᠤ ᠴᠢᠬᠤᠯᠠ ᠥᠬᠡᠶ ᠶᠤᠮ᠃ ︽ᠬᠤᠰᠢᠭᠤᠨ ᠳᠣᠲᠣᠷᠠᠬᠢ ᠠᠵᠢᠯ ᠬᠥᠳᠡᠯᠮᠦᠷᠢ ᠬᠢᠵᠦ | ᠪᠠᠶᠢᠭ᠎ᠠ ᠬᠥᠮᠦᠰ ᠤᠨ ᠦᠷ᠎ᠡ ᠬᠡᠤᠬᠡᠳ ᠤᠨ ᠬᠢᠨᠢ ᠰᠤᠷᠭᠠᠭᠤᠯᠢ ᠳᠤ ᠣᠷᠣᠬᠤ ᠭᠤᠶᠤᠴᠢᠯᠠᠯ ᠤᠨ ᠬᠦᠰᠦᠨᠦᠭᠲᠦ︾ ᠶᠢ | ᠭᠦᠶ᠋ᠴᠡᠳᠬᠡᠬᠦ ᠲᠠᠰ ᠳᠠᠷᠠᠭᠠᠯᠠᠯ᠄ ᠰᠣᠷᠣᠭᠴᠢ ᠶᠢᠨ ᠬᠡᠷ ᠤᠨ ᠠᠬᠠᠮᠠᠳ ︽ᠬᠤᠰᠢᠭᠤᠨ ᠳᠣᠲᠣᠷᠠᠬᠢ ᠠᠵᠢᠯ | ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠭᠤᠶᠤᠴᠢᠯᠠᠯ ᠤᠨ | ᠬᠦᠰᠦᠨᠦᠭᠲᠦ︾ ᠶᠢ ᠥᠪᠡᠰᠦᠪᠡᠨ ᠳᠠᠷᠤᠮᠠᠯᠯᠠᠬᠤ ᠶᠢᠨ ᠬᠠᠮᠲᠤ ᠬᠠᠮᠢᠶ᠎ᠠ ᠪᠥᠬᠦᠶ ᠮᠡᠳᠡᠭᠡ ᠵᠠᠩᠭᠢ ᠶᠢ ᠦᠨᠡᠨ | ᠪᠣᠳᠠᠲᠠᠶ ᠪᠠᠷ ᠲᠠᠭᠯᠠᠵᠤ᠂ ᠰᠠᠭᠤᠭ᠎ᠠ ᠨᠡᠶᠢᠭᠡᠮ ᠲᠣᠭᠤᠷᠢᠭ᠂ ᠬᠡᠰᠡᠭ ᠣᠷᠣᠨ ᠤ ᠠᠷᠠᠳ ᠤᠨ ᠴᠠᠭᠳᠠᠭ᠎ᠠ ᠶᠢᠨ | ᠭᠠᠵᠠᠷ ᠲᠤ ᠬᠦᠷᠴᠦ ᠣᠷᠣᠰᠢᠨ ᠰᠠᠭᠤᠭᠰᠠᠨ ᠪᠠᠶᠢᠳᠠᠯ ᠢ ᠬᠢᠨᠠᠨ ᠬᠠᠷᠭᠤᠭᠤᠯᠬᠤ ᠶᠢᠨ ᠬᠠᠮᠲᠤ ᠠᠯᠪᠠᠨ ᠲᠠᠮᠠᠭ᠎ᠠ | ᠳᠠᠷᠤᠨ᠎ᠠ᠂ ᠠᠵᠢᠯ ᠬᠢᠵᠦ ᠪᠠᠶᠢᠭ᠎ᠠ ᠪᠠᠶᠢᠳᠠᠯ ᠢ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠤᠷᠭᠠᠭᠤᠯᠢ ᠠᠴᠠ ᠬᠢᠨᠠᠨ | ᠪᠠᠶᠢᠴᠠᠭᠠᠭᠰᠠᠨ ᠤ ᠳᠠᠷᠠᠭ᠎ᠠ ᠭᠠᠷ ᠤᠨ ᠥᠰᠥᠭ ᠵᠢᠷᠤᠵᠤ ᠠᠯᠪᠠᠨ ᠲᠠᠮᠠᠭ᠎ᠠ ᠳᠠᠷᠤᠨ᠎ᠠ ︵ᠭᠠᠨᠵᠤᠭ᠎ᠠ ᠪᠠᠯᠭᠠᠰᠤᠨ ᠤ | ᠬᠤᠲᠠ ᠶᠢᠨ ᠲᠣᠭᠤᠷᠢᠭ ᠤᠨ ᠪᠠᠭ᠎ᠠ ᠰᠤᠷᠭᠠᠭᠤᠯᠢ ᠲᠡᠭᠦᠰᠦᠭᠰᠡᠳ ᠤᠨ ᠳᠤᠮᠳᠠ ᠬᠤᠳᠠᠯᠳᠤᠭ᠎ᠠ ᠡᠷᠬᠢᠯᠡᠬᠦ᠂ ᠠᠵᠢᠯ | ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠦᠷ᠎ᠡ ᠬᠡᠤᠬᠡᠳ ᠲᠤ ᠵᠥᠪᠬᠡᠨ ᠨᠡᠶᠢᠭᠡᠮ ᠲᠣᠭᠤᠷᠢᠭ ᠤᠨ ᠣᠷᠣᠰᠢᠨ | ᠰᠠᠭᠤᠬᠤ ᠦᠨᠡᠮᠯᠡᠯ ᠪᠠ ᠠᠵᠢᠯ ᠬᠢᠵᠦ ᠪᠠᠶᠢᠭ᠎ᠠ ᠭᠡᠷᠡᠴᠢ ᠬᠠᠩᠭᠠᠵᠤ᠂ ᠲᠣᠰ ᠬᠦᠰᠦᠨᠦᠭᠲᠦ ᠶᠢ ᠲᠠᠭᠯᠠᠨ ᠮᠡᠳᠡᠭᠦᠯᠬᠦ | ᠥᠬᠡᠶ᠃︶ ︽ᠵᠠ︾ ᠭᠡᠳ ︽ᠬᠥᠳᠡᠭᠡ ᠲᠣᠰᠬᠤᠨ ᠤ ᠡᠷᠦᠬᠡ ᠠᠮᠠ ᠶᠢᠨ ᠪᠤᠰᠤ ᠭᠠᠵᠠᠷ ᠤᠨ ᠰᠤᠷᠭᠠᠭᠤᠯᠢ ᠶᠢᠨ | ᠰᠤᠷᠭᠠᠭᠤᠯᠢ ᠳᠤ ᠣᠷᠣᠬᠤ ᠭᠤᠶᠤᠴᠢᠯᠠᠯ ᠤᠨ ᠬᠦᠰᠦᠨᠦᠭᠲᠦ︾ ᠶᠢ ᠭᠦᠶ᠋ᠴᠡᠳᠬᠡᠬᠦ ᠲᠠᠰ ᠳᠠᠷᠠᠭᠠᠯᠠᠯ ᠨᠢ᠄ ᠡᠷᠦᠬᠡ | ᠠᠮᠠ ᠶᠢᠨ ᠪᠠᠶᠢᠭ᠎ᠠ ᠭᠠᠵᠠᠷ ᠤᠨ ᠰᠤᠷᠭᠠᠭᠤᠯᠢ ᠪᠠ ᠰᠤᠷᠭᠠᠭᠤᠯᠢ ᠶᠢᠨ ᠲᠤᠰ ᠲᠤᠰ ᠲᠤᠨᠢ ᠬᠢᠨᠠᠨ ᠬᠠᠷᠭᠤᠭᠤᠯᠬᠤ | ᠠᠵᠢᠯ ᠪᠠ ᠣᠷᠣᠨ ᠰᠠᠭᠤᠴᠠ ᠶᠢᠨ ᠪᠠᠶᠢᠳᠠᠯ ᠢ ᠬᠦᠯᠢᠶᠡᠨ ᠠᠪᠬᠤ ᠰᠤᠷᠭᠠᠭᠤᠯᠢ ᠠᠴᠠ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠳᠤ ᠨᠢᠭᠡᠳᠦᠯᠲᠡᠶ ᠮᠡᠳᠡᠭᠦᠯᠵᠦ ᠳᠠᠩᠰᠠᠯᠠᠭᠤᠯᠤᠨ᠎ᠠ᠃ | ︵ᠭᠤᠷᠪᠠ︶ ᠨᠡᠷ᠎ᠡ ᠮᠡᠳᠡᠭᠦᠯᠬᠦ ᠠᠷᠭ᠎ᠠ | ᠪᠠᠭ᠎ᠠ ᠰᠤᠷᠭᠠᠭᠤᠯᠢ ᠳᠡᠪᠰᠢᠬᠦ᠂ ᠪᠠᠭ᠎ᠠ ᠰᠤᠷᠭᠠᠭᠤᠯᠢ ᠳᠡᠪᠰᠢᠬᠦ ᠨᠥᠬᠦᠴᠡᠯ ᠳᠤ ᠨᠡᠶᠢᠴᠡᠬᠦ ᠰᠤᠷᠭᠠᠭᠤᠯᠢ ᠳᠤ | ᠣᠷᠣᠬᠤ ᠨᠠᠰᠤᠨ ᠤ ᠬᠡᠦᠬᠡᠳ ᠪᠠᠭᠠᠴᠤᠳ ᠢ ᠭᠡᠷ ᠤᠨ ᠠᠬᠠᠮᠠᠳ ᠡᠷᠬᠡᠪᠰᠢ ᠰᠦᠯᠵᠢᠶ᠎ᠡ ᠪᠠᠷ ᠳᠠᠮᠵᠢᠭᠤᠯᠤᠨ ᠨᠡᠷ᠎ᠡ | ᠮᠡᠳᠡᠭᠦᠯᠵᠦ᠂ ᠨᠡᠷ᠎ᠡ ᠮᠡᠳᠡᠭᠦᠯᠬᠦ ᠰᠦᠯᠵᠢᠶᠡᠨ ᠥᠷᠲᠡᠭᠡ ᠨᠢ ᠲᠦᠩᠯᠢᠶᠣᠤ ᠶᠢᠨ ᠰᠤᠷᠭᠠᠨ ᠬᠥᠮᠦᠵᠢᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠡᠭᠦᠯᠡᠨ ᠲᠠᠪᠴᠠᠩ ᠳᠤ ᠪᠠᠶᠢᠬᠤ ᠬᠡᠷᠡᠭᠲᠡᠶ᠃ ᠭᠡᠷ ᠤᠨ ᠠᠬᠠᠮᠠᠳ ᠱᠠᠭᠠᠷᠳᠠᠯᠭ᠎ᠠ | ᠶᠣᠰᠣᠭᠠᠷ ᠰᠤᠷᠤᠭᠴᠢᠳ ᠤᠨ ᠮᠡᠳᠡᠭᠡ ᠵᠠᠩᠭᠢ ᠶᠢ ᠦᠨᠡᠨ ᠪᠣᠳᠠᠲᠠᠶ ᠪᠦᠷᠢᠨ ᠪᠦᠲᠦᠨ ᠲᠠᠭᠯᠠᠵᠤ᠂ ᠬᠢᠨᠠᠨ | ᠬᠠᠷᠭᠤᠭᠤᠯᠬᠤ ᠴᠢᠬᠤᠯᠠ ᠨᠥᠬᠦᠴᠡᠯ ᠢ ᠳᠡᠭᠡᠭᠰᠢ ᠳᠠᠮᠵᠢᠭᠤᠯᠬᠤ ᠶᠢᠨ ᠬᠠᠮᠲᠤ ᠣᠷᠣᠨ ᠰᠠᠭᠤᠴᠠ ᠶᠢᠨ ᠬᠠᠶ᠋ᠢᠭ᠂ | ᠡᠷᠦᠬᠡ ᠠᠮᠠ ᠶᠢᠨ ᠪᠠᠶᠢᠳᠠᠯ ᠤᠨ ᠪᠠᠶᠢᠳᠠᠯ ᠢ ᠦᠨᠳᠦᠰᠦᠯᠡᠨ ᠲᠠᠪᠴᠠᠩ ᠳᠡᠭᠡᠷ᠎ᠡ ᠨᠡᠶᠢᠲᠡᠯᠡᠭᠰᠡᠨ ᠰᠤᠷᠭᠠᠭᠤᠯᠢ ᠶᠢᠨ | ᠲᠣᠭᠤᠷᠢᠭ ᠤᠨ ᠬᠤᠪᠢᠶᠠᠷᠢᠯᠠᠯ ᠲᠠᠢ ᠬᠠᠷᠢᠴᠠᠭᠤᠯᠤᠨ ᠨᠡᠷ᠎ᠡ ᠮᠡᠳᠡᠭᠦᠯᠦᠭᠰᠡᠨ ᠰᠤᠷᠭᠠᠭᠤᠯᠢ ᠵᠢᠴᠢ ᠬᠠᠷᠢᠶᠠᠯᠠᠭᠳᠠᠬᠤ | ᠡᠷᠳᠡᠮ ᠤᠨ ᠴᠣᠯᠠ ᠶᠢᠨ ᠲᠥᠷᠥᠯ ᠬᠡᠯᠪᠡᠷᠢ ᠶᠢ ᠬᠢᠨᠠᠮᠠᠭᠠᠶ ᠲᠠᠭᠯᠠᠨ ᠮᠡᠳᠡᠭᠦᠯᠦᠨ᠎ᠡ᠃ ᠭᠡᠷ ᠤᠨ ᠠᠬᠠᠮᠠᠳ ᠰᠦᠯᠵᠢᠶᠡᠨ | ᠳᠡᠭᠡᠷ᠎ᠡ ᠨᠡᠶᠢᠲᠡᠯᠡᠭᠰᠡᠨ ᠬᠠᠮᠢᠶ᠎ᠠ ᠪᠦᠬᠦᠢ ᠠᠯᠪᠠᠨ ᠵᠠᠷ ᠢ ᠨᠢᠭᠲᠠ ᠠᠩᠬᠠᠷᠬᠤ ᠬᠡᠷᠡᠭᠲᠡᠶ᠂ ᠭᠡᠷ ᠤᠨ ᠠᠬᠠᠮᠠᠳ ᠤᠨ | ᠰᠢᠯᠲᠠᠭᠠᠨ ᠠᠴᠠ ᠪᠣᠯᠵᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠪᠠᠶᠢᠪᠠᠯ᠂ ᠲᠣᠬᠢᠷᠠᠭᠤᠯᠤᠯᠲᠠ ᠶᠢ ᠳᠠᠭᠠᠬᠤ | ᠬᠡᠷᠡᠭᠲᠡᠶ᠃ | 1. ᠬᠦᠳᠡᠭᠡ ᠳᠤᠰᠬᠤᠨ ᠤ ᠪᠠᠭ᠎ᠠ ᠰᠤᠷᠭᠠᠭᠤᠯᠢ | ᠡᠯ᠎ᠡ ᠬᠥᠳᠡᠭᠡ ᠲᠣᠰᠬᠤᠨ ᠤ ᠪᠠᠭ᠎ᠠ ᠰᠤᠷᠭᠠᠭᠤᠯᠢ ᠨᠢ ᠰᠣᠷᠣᠭᠴᠢ ᠶᠢᠨ ᠢᠷᠡᠯᠲᠡ ᠶᠢᠨ ᠪᠠᠶᠢᠳᠠᠯ ᠢ | ᠣᠶᠢᠯᠠᠭᠠᠭᠰᠠᠨ ᠦᠷ᠎ᠡ ᠳ᠋ᠦᠩ ᠢ ᠦᠨᠳᠦᠰᠦᠯᠡᠨ᠂ ᠬᠢᠨᠠᠨ ᠬᠠᠮᠠᠭᠠᠯᠠᠭᠴᠢ ᠶᠢ ᠵᠣᠬᠢᠶᠠᠨ ᠪᠠᠶᠢᠭᠤᠯᠵᠤ ᠲᠣᠭᠲᠠᠭᠰᠠᠨ | ᠴᠠᠭ ᠤᠨ ᠬᠢᠵᠠᠭᠠᠷ ᠤᠨ ᠳᠣᠲᠣᠷ᠎ᠠ ᠢᠯᠡ ᠪᠠᠷ ᠰᠣᠷᠣᠭᠴᠢ ᠡᠯᠰᠡᠬᠦ ᠲᠠᠪᠴᠠᠩ ᠳᠤ ᠨᠡᠷ᠎ᠡ ᠮᠡᠳᠡᠭᠦᠯᠦᠨ᠎ᠡ᠄ ᠡᠷᠦᠬᠡ | ᠠᠮᠠ ᠪᠠᠶᠢᠭ᠎ᠠ ᠭᠠᠵᠠᠷ ᠲᠤ ᠰᠤᠷᠭᠠᠭᠤᠯᠢ ᠳᠤ ᠣᠷᠣᠪᠠᠯ᠂ ᠲᠣᠰ ᠰᠤᠷᠭᠠᠭᠤᠯᠢ ᠶᠢᠨ A ᠲᠥᠷᠥᠯ ᠤᠨ ᠡᠷᠳᠡᠮ ᠤᠨ | ᠴᠣᠯᠠ ᠶᠢ ᠲᠠᠭᠯᠠᠨ ᠮᠡᠳᠡᠭᠦᠯᠦᠨ᠎ᠡ︔ ᠡᠴᠢᠭᠡ ᠡᠬᠡ ᠶᠢᠨ ᠪᠠᠷᠢᠯᠭ᠎ᠠ ᠶᠢᠨ ᠭᠠᠵᠠᠷ ᠪᠤᠶᠤ ᠰᠠᠭᠤᠭ᠎ᠠ ᠭᠠᠵᠠᠷ ᠲᠤ | ᠰᠤᠷᠭᠠᠭᠤᠯᠢ ᠳᠤ ᠣᠷᠣᠬᠤ ᠪᠠᠷ ᠭᠤᠶᠤᠴᠢᠯᠠᠪᠠᠯ᠂ ᠬᠠᠮᠢᠶ᠎ᠠ ᠪᠦᠬᠦᠢ ᠴᠢᠬᠤᠯᠠ ᠨᠥᠬᠦᠴᠡᠯ ᠤᠨ ᠬᠠᠷᠠᠭᠠᠯᠵᠠᠭᠰᠠᠨ | ᠰᠤᠷᠭᠠᠭᠤᠯᠢ ᠶᠢ ᠲᠠᠭᠯᠠᠨ ᠮᠡᠳᠡᠭᠦᠯᠵᠦ᠂ E ᠲᠥᠷᠥᠯ ᠪᠤᠶᠤ D ᠲᠥᠷᠥᠯ ᠤᠨ ᠡᠷᠳᠡᠮ ᠤᠨ ᠴᠣᠯᠠ ᠶᠢ | ᠳᠠᠮᠵᠢᠭᠤᠯᠬᠤ ᠳᠤ ᠬᠡᠷᠡᠭᠰᠡᠬᠦ ᠴᠢᠬᠤᠯᠠ ᠨᠥᠬᠦᠴᠡᠯ ᠢ ᠬᠠᠩᠭᠠᠨ᠎ᠠ᠃ | ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠦᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ | ᠬᠡᠷᠡᠭᠴᠡᠭᠡ ᠶᠢ ᠬᠠᠩᠭᠠᠬᠤ ᠶᠢᠨ ᠲᠥᠯᠥᠭᠡ᠂ 2023 ᠣᠨ ᠠᠴᠠ ᠡᠬᠢᠯᠡᠨ ᠬᠡᠰᠡᠭ ᠦᠨᠳᠦᠰᠦᠲᠡᠨ ᠤ ᠬᠡᠯᠡ ᠪᠠᠷ | ᠬᠢᠴᠢᠶᠡᠯᠯᠡᠬᠦ ᠰᠤᠷᠭᠠᠭᠤᠯᠢ ᠶᠢᠨ ᠡᠬᠢᠯᠡᠯᠲᠡ ᠶᠢᠨ ᠣᠨ ᠳᠤ ᠤᠯᠤᠰ ᠤᠨ ᠨᠡᠶᠢᠳᠡᠮ ᠬᠡᠷᠡᠭᠯᠡᠬᠦ ᠬᠡᠯᠡ ᠪᠠᠷ ᠬᠢᠴᠢᠶᠡᠯᠯᠡᠬᠦ | ᠠᠩᠭᠢ ᠶᠢ ᠨᠡᠭᠡᠭᠡᠵᠦ᠂ ᠬᠠᠷᠢᠶ᠎ᠠ ᠭᠠᠵᠠᠷ ᠤᠨ ᠪᠠᠭ᠎ᠠ ᠰᠤᠷᠭᠠᠭᠤᠯᠢ ᠳᠤ ᠤᠯᠤᠰ ᠤᠨ ᠨᠡᠶᠢᠳᠡᠮ ᠬᠡᠷᠡᠭᠯᠡᠬᠦ ᠬᠡᠯᠡ ᠪᠠᠷ | ᠬᠢᠴᠢᠶᠡᠯᠯᠡᠬᠦ ᠠᠩᠭᠢ ᠶᠢ ᠪᠠᠶᠢᠭᠤᠯᠤᠭᠰᠠᠨ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠢ ᠬᠠᠷᠢᠶ᠎ᠠ ᠭᠠᠵᠠᠷ ᠤᠨ | ᠰᠤᠷᠭᠠᠭᠤᠯᠢ ᠳᠤ ᠰᠤᠷᠤᠯᠴᠠᠭᠤᠯᠤᠨ᠎ᠠ᠃ ᠬᠠᠷᠢᠶᠠᠲᠤ ᠣᠷᠣᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ | ᠬᠢᠴᠢᠶᠡᠯᠯᠡᠬᠦ ᠠᠩᠭᠢ ᠥᠬᠡᠶ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠢ ᠬᠤᠰᠢᠭᠤᠨ ᠤ ᠮᠣᠩᠭᠤᠯ | ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ | ᠬᠢᠴᠢᠶᠡᠯᠯᠡᠬᠦ ᠠᠩᠭᠢ ᠳᠤ ᠲᠠᠭᠯᠠᠨ ᠮᠡᠳᠡᠭᠦᠯᠵᠦ᠂ ᠡᠷᠦᠬᠡ ᠠᠮᠠ ᠶᠢᠨ ᠳᠡᠪᠲᠡᠷ ᠤᠨ ᠲᠡᠷᠢᠭᠦᠨ ᠬᠠᠭᠤᠳᠠᠰᠤ ᠪᠠ | ᠰᠤᠷᠭᠠᠭᠤᠯᠢ ᠳᠤ ᠣᠷᠣᠬᠤ ᠬᠡᠤᠬᠡᠳ ᠤᠨ ᠬᠠᠭᠤᠳᠠᠰᠤᠨ ᠳᠤ ᠳᠠᠮᠵᠢᠭᠤᠯᠵᠤ᠂ A ᠲᠥᠷᠥᠯ ᠤᠨ ᠡᠷᠳᠡᠮ ᠤᠨ | ᠴᠣᠯᠠ ᠶᠢ ᠰᠣᠩᠭᠤᠨ᠎ᠠ᠃ ᠬᠤᠶᠠᠷ ᠬᠡᠦᠬᠡᠳ ᠨᠢ ᠰᠢᠭᠤᠳ ᠠᠬ᠎ᠠ ︵ᠡᠭᠡᠴᠢ︶ ᠶᠢᠨ ᠪᠠᠶᠢᠭ᠎ᠠ ᠰᠤᠷᠭᠠᠭᠤᠯᠢ ᠳᠤ | ᠪᠢᠴᠢᠭ ᠦᠵᠡᠭᠦᠯᠬᠦ ᠪᠠᠷ ᠭᠤᠶᠤᠴᠢᠯᠠᠵᠤ ᠪᠣᠯᠤᠨ᠎ᠠ᠃ | 2. ᠭᠠᠨᠵᠤᠭ᠎ᠠ ᠪᠠᠯᠭᠠᠰᠤᠨ ᠤ ᠳᠤᠳᠤᠷᠠᠬᠢ ᠪᠠᠭ᠎ᠠ ᠰᠤᠷᠭᠠᠭᠤᠯᠢ | ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠤᠨ ᠰᠤᠷᠤᠯᠴᠠᠵᠤ ᠪᠠᠶᠢᠭ᠎ᠠ ᠬᠡᠤᠬᠡᠳ ᠤᠨ ᠴᠡᠴᠡᠷᠯᠢᠭ ᠤᠨ | ᠵᠣᠬᠢᠶᠠᠨ ᠪᠠᠶᠢᠭᠤᠯᠤᠯᠲᠠ ᠶᠢᠨ ᠬᠢᠨᠠᠨ ᠬᠠᠮᠠᠭᠠᠯᠠᠭᠴᠢ ᠨᠢ ᠲᠣᠭᠲᠠᠭᠰᠠᠨ ᠴᠠᠭ ᠤᠨ ᠬᠢᠵᠠᠭᠠᠷ ᠤᠨ ᠳᠣᠲᠣᠷ᠎ᠠ | ᠰᠦᠯᠵᠢᠶᠡᠨ ᠳᠡᠭᠡᠷ᠎ᠡ ᠢᠯᠡ ᠪᠠᠷ ᠰᠣᠷᠣᠭᠴᠢ ᠡᠯᠰᠡᠬᠦ ᠲᠠᠪᠴᠠᠩ ᠤᠨ ᠨᠡᠷ᠎ᠡ ᠮᠡᠳᠡᠭᠦᠯᠬᠦ ᠦᠵᠦᠭᠦᠷ ᠲᠤ ᠨᠡᠷ᠎ᠡ | ᠮᠡᠳᠡᠭᠦᠯᠦᠨ᠎ᠡ᠄ ᠨᠥᠬᠦᠴᠡᠯ ᠳᠤ ᠨᠡᠶᠢᠴᠡᠬᠦ ᠰᠤᠷᠭᠠᠭᠤᠯᠢ ᠶᠢᠨ ᠲᠣᠭᠤᠷᠢᠭ ᠲᠠᠬᠢ ᠰᠤᠷᠭᠠᠭᠤᠯᠢ ᠶᠢ ᠲᠠᠭᠯᠠᠨ ᠮᠡᠳᠡᠭᠦᠯᠵᠦ | ᠂ A᠂ B᠂ C᠂ D᠂ E ᠵᠡᠷᠭᠡ ᠲᠠᠪᠤᠨ ᠲᠥᠷᠥᠯ ᠤᠨ ᠡᠷᠳᠡᠮ ᠤᠨ ᠴᠣᠯᠠ ᠳᠤ ᠬᠠᠷᠠᠭᠠᠯᠵᠠᠭᠰᠠᠨ ᠴᠢᠬᠤᠯᠠ | ᠨᠥᠬᠦᠴᠡᠯ ᠢ ᠳᠠᠮᠵᠢᠭᠤᠯᠤᠨ᠎ᠠ᠃ ᠮᠠᠨ ᠤ ᠬᠤᠰᠢᠭᠤᠨ ᠤ ᠡᠷᠦᠬᠡ ᠠᠮᠠ ᠲᠠᠢ᠂ ᠭᠠᠳᠠᠷ ᠣᠷᠣᠨ ᠤ ᠬᠡᠤᠬᠡᠳ ᠤᠨ | ᠴᠡᠴᠡᠷᠯᠢᠭ ᠲᠤ ᠰᠤᠷᠤᠯᠴᠠᠵᠤ ᠪᠠᠶᠢᠭ᠎ᠠ ᠵᠣᠬᠢᠬᠤ ᠨᠠᠰᠤᠨ ᠤ ᠬᠡᠤᠬᠡᠳ ᠤᠨ ᠬᠡᠷ ᠤᠨ ᠠᠬᠠᠮᠠᠳ ︽ᠲᠦᠩᠯᠢᠶᠣᠤ | ᠬᠤᠲᠠ ᠶᠢᠨ ᠰᠤᠷᠭᠠᠨ ᠬᠥᠮᠦᠵᠢᠯ ᠤᠨ ᠡᠭᠦᠯᠡᠨ︾᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ︵ᠬᠤᠶᠠᠷ | ᠬᠡᠮᠵᠢᠯᠳᠦ ᠨᠣᠮᠧᠷ ᠢ ᠳᠠᠭᠠᠯᠳᠤᠭᠤᠯᠤᠯ 7 ᠳᠤ ᠦᠵᠡ︶ ᠲᠤ ᠴᠠᠭ ᠲᠤᠬᠠᠶ ᠳᠤᠨᠢ ᠢᠯᠡ ᠪᠠᠷ ᠰᠣᠷᠣᠭᠴᠢ ᠡᠯᠰᠡᠬᠦ | ᠲᠠᠪᠴᠠᠩ ᠳᠤ ᠨᠡᠷ᠎ᠡ ᠮᠡᠳᠡᠭᠦᠯᠬᠦ ᠶᠢᠨ ᠬᠠᠮᠲᠤ ᠲᠠᠪᠴᠠᠩ ᠤᠨ ᠵᠠᠯᠭᠠᠮᠵᠢ ᠮᠡᠳᠡᠭᠡ ᠵᠠᠩᠭᠢ ᠨᠡᠶᠢᠲᠡᠯᠡᠬᠦ ᠶᠢ ᠴᠠᠭ | ᠲᠤᠬᠠᠶ ᠳᠤᠨᠢ ᠠᠩᠬᠠᠷᠤᠨ᠎ᠠ᠃ | 3. ᠬᠥᠳᠡᠭᠡ ᠲᠣᠰᠬᠤᠨ ᠤ ᠳᠤᠮᠳᠠᠳᠤ ᠰᠤᠷᠭᠠᠭᠤᠯᠢ | ᠡᠯ᠎ᠡ ᠬᠦᠳᠡᠭᠡ ᠳᠤᠰᠬᠤᠨ ᠤ ᠪᠠᠭ᠎ᠠ ᠰᠤᠷᠭᠠᠭᠤᠯᠢ ᠳᠡᠬᠦᠰᠦᠭᠰᠡᠨ ᠰᠤᠷᠤᠭᠴᠢ ᠨᠢ ᠰᠢᠰᠲ᠋ᠧᠮ ᠢᠶᠠᠷ ᠢᠶᠠᠨ | ᠰᠤᠷᠭᠠᠭᠤᠯᠢ ᠳᠠᠪᠰᠢᠬᠤ ᠶᠢ ᠬᠡᠷᠡᠭᠵᠢᠬᠦᠯᠵᠦ᠂ ᠳᠡᠬᠦᠰᠦᠭᠰᠡᠨ ᠪᠠᠭ᠎ᠠ ᠰᠤᠷᠭᠠᠭᠤᠯᠢ ︽ᠰᠢᠰᠲ᠋ᠧᠮ ᠢᠶᠠᠷ ᠢᠶᠠᠨ | ᠰᠤᠷᠭᠠᠭᠤᠯᠢ ᠳᠡᠪᠰᠢᠬᠦ ᠵᠠᠭᠪᠤᠷ︾ ᠢ ᠳᠠᠭᠯᠠᠵᠠᠢ᠃ ᠰᠢᠰᠲ᠋ᠧᠮ ᠢᠶᠠᠷ ᠢᠶᠠᠨ ᠰᠤᠷᠭᠠᠭᠤᠯᠢ ᠳᠡᠪᠰᠢᠬᠦ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠳᠤ ᠰᠤᠷᠭᠠᠭᠤᠯᠢ ᠳᠤ ᠣᠷᠣᠬᠤ ᠦᠶ᠎ᠡ ᠳᠤ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠠᠴᠠ ᠰᠢᠭᠤᠳ ᠣᠷᠣᠭᠤᠯᠵᠤ ᠪᠣᠯᠤᠨ᠎ᠠ︔ ᠡᠷᠦᠬᠡ ᠠᠮᠠ ᠶᠢᠨ ᠬᠠᠷᠢᠶ᠎ᠠ ᠨᠢ ᠠᠵᠢᠯ | ᠲᠥᠷᠥᠯ ᠢᠶᠠᠷ ᠢᠶᠠᠨ ᠰᠤᠷᠭᠠᠭᠤᠯᠢ ᠳᠡᠪᠰᠢᠬᠦ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠰᠡᠭ ᠭᠠᠵᠠᠷ ᠪᠢᠰᠢ | ᠲᠡᠭᠦᠰᠦᠭᠰᠡᠳ ᠡᠷᠦᠬᠡ ᠠᠮᠠ ᠶᠢᠨ ᠪᠠᠶᠢᠭ᠎ᠠ ᠭᠠᠵᠠᠷ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢ ᠲᠠᠭᠯᠠᠨ | ᠮᠡᠳᠡᠭᠦᠯᠵᠦ ᠪᠣᠯᠤᠨ᠎ᠠ᠂ ᠬᠢᠨᠠᠨ ᠬᠠᠮᠠᠭᠠᠯᠠᠭᠴᠢ ᠨᠢ ᠡᠷᠦᠬᠡ ᠠᠮᠠ ᠶᠢᠨ ᠳᠡᠪᠲᠡᠷ ᠢᠶᠠᠨ ᠠᠪᠴᠤ ᠬᠤᠰᠢᠭᠤᠨ ᠤ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠦᠷᠴᠦ ᠬᠢᠨᠠᠨ ᠬᠠᠷᠭᠤᠭᠤᠯᠵᠤ ᠳᠠᠩᠰᠠᠯᠠᠨ᠎ᠠ︔ ᠠᠪᠤ | ᠡᠵᠢ ᠶᠢᠨ ᠢᠶᠠᠨ ᠠᠵᠢᠯᠯᠠᠵᠤ ᠪᠠᠶᠢᠭ᠎ᠠ ᠭᠠᠵᠠᠷ ᠪᠤᠶᠤ ᠰᠠᠭᠤᠵᠤ ᠪᠠᠶᠢᠭ᠎ᠠ ᠭᠠᠵᠠᠷ ᠲᠤ ᠰᠤᠷᠭᠠᠭᠤᠯᠢ ᠳᠤ ᠣᠷᠣᠬᠤ ᠪᠠᠷ | ᠭᠤᠶᠤᠴᠢᠯᠠᠪᠠᠯ᠂ ᠬᠠᠮᠢᠶ᠎ᠠ ᠪᠥᠬᠦᠶ ᠴᠢᠬᠤᠯᠠ ᠨᠥᠬᠦᠴᠡᠯ ᠤᠨ ᠬᠠᠷᠠᠭᠠᠯᠵᠠᠭᠰᠠᠨ ᠰᠤᠷᠭᠠᠭᠤᠯᠢ ᠶᠢ ᠲᠠᠭᠯᠠᠨ ᠮᠡᠳᠡᠭᠦᠯᠵᠦ | ᠂ E ᠪᠤᠶᠤ D ᠲᠥᠷᠥᠯ ᠤᠨ ᠡᠷᠳᠡᠮ ᠤᠨ ᠴᠣᠯᠠ ᠭᠤᠶᠤᠴᠢᠯᠠᠬᠤ ᠳᠤ ᠬᠡᠷᠡᠭᠰᠡᠬᠦ ᠴᠢᠬᠤᠯᠠ ᠨᠥᠬᠦᠴᠡᠯ ᠢ ᠳᠡᠭᠡᠭᠰᠢ | ᠳᠠᠮᠵᠢᠭᠤᠯᠤᠨ᠎ᠠ᠃ ᠲᠤᠬᠠᠶ ᠶᠢᠨ ᠭᠠᠵᠠᠷ ᠤᠨ ᠪᠠᠭ᠎ᠠ ᠰᠤᠷᠭᠠᠭᠤᠯᠢ ᠶᠢᠨ ᠪᠦᠷᠢᠳᠬᠡᠯ ᠨᠢ ᠲᠤᠰ ᠭᠠᠵᠠᠷ ᠤᠨ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠶᠢᠨ ᠨᠡᠷ᠎ᠡ ᠶᠢᠨ ᠳᠡᠪᠲᠡᠷ ᠢ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠳᠤ ᠬᠦᠷᠭᠡᠵᠦ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢ ᠵᠠᠪᠰᠠᠷ ᠦᠭᠡᠶ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠶ᠃ | ᠤᠤᠯ ᠤᠨ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠪᠠᠭ᠎ᠠ ᠰᠤᠷᠭᠠᠭᠤᠯᠢ ᠲᠡᠭᠦᠰᠦᠭᠰᠡᠳ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠶᠢ ᠰᠤᠩᠭᠤᠬᠤ ᠶᠢᠨ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠳᠤ ᠭᠤᠶᠤᠴᠢᠯᠠᠯ ᠭᠠᠷᠭᠠᠵᠤ᠂ ᠬᠠᠮᠢᠶ᠎ᠠ ᠪᠦᠬᠦᠢ ᠰᠤᠷᠭᠠᠭᠤᠯᠢ ᠨᠤᠭᠤᠳ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠠᠩᠭᠢ ᠶᠢ ᠨᠡᠭᠡᠭᠡᠵᠦ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠨᠥᠬᠦᠴᠡᠯ ᠢ ᠬᠠᠩᠭᠠᠨ᠎ᠠ᠃ | 4. ᠭᠠᠨᠵᠤᠭ᠎ᠠ ᠪᠠᠯᠭᠠᠰᠤᠨ ᠤ ᠳᠤᠮᠳᠠᠳᠤ ᠰᠤᠷᠭᠠᠭᠤᠯᠢ | ︵1︶ ᠭᠠᠨᠵᠤᠭ᠎ᠠ ᠪᠠᠯᠭᠠᠰᠤᠨ ᠤ ᠳᠣᠲᠣᠷᠠᠬᠢ ᠪᠠᠭ᠎ᠠ ᠰᠤᠷᠭᠠᠭᠤᠯᠢ ᠬᠡᠷ ᠤᠨ ᠠᠬᠠᠮᠠᠳ ᠢᠶᠠᠨ ᠵᠣᠬᠢᠶᠠᠨ | ᠪᠠᠶᠢᠭᠤᠯᠵᠤ ᠨᠡᠷᠡᠨ ᠭᠡᠷᠡᠯᠲᠦ ᠰᠣᠷᠣᠭᠴᠢ ᠡᠯᠰᠡᠬᠦ ᠲᠠᠪᠴᠠᠩ ᠳᠤ ᠨᠡᠷ᠎ᠡ ᠮᠡᠳᠡᠭᠦᠯᠦᠨ᠎ᠡ᠄ ᠨᠥᠬᠦᠴᠡᠯ ᠳᠤ ᠨᠡᠶᠢᠴᠡᠬᠦ | ᠰᠤᠷᠭᠠᠭᠤᠯᠢ ᠶᠢᠨ ᠲᠣᠭᠤᠷᠢᠭ ᠤᠨ ᠰᠤᠷᠭᠠᠭᠤᠯᠢ ᠶᠢ ᠲᠠᠭᠯᠠᠨ ᠮᠡᠳᠡᠭᠦᠯᠵᠦ᠂ A᠂ B᠂ C᠂ D᠂ E ᠵᠡᠷᠭᠡ | ᠲᠠᠪᠤᠨ ᠲᠥᠷᠥᠯ ᠤᠨ ᠡᠷᠳᠡᠮ ᠤᠨ ᠴᠣᠯᠠ ᠶᠢᠨ ᠳᠣᠲᠣᠷᠠᠬᠢ ᠬᠠᠷᠠᠭᠠᠯᠵᠠᠭᠰᠠᠨ ᠴᠢᠬᠤᠯᠠ ᠨᠥᠬᠦᠴᠡᠯ ᠢ | ᠳᠠᠮᠵᠢᠭᠤᠯᠤᠨ᠎ᠠ᠃ | ︵2︶ ᠮᠠᠨ ᠤ ᠬᠤᠰᠢᠭᠤᠨ ᠤ ᠡᠷᠦᠬᠡ ᠠᠮᠠ ᠶᠢ ᠡᠵᠡᠮᠳᠡᠵᠦ᠂ ᠭᠠᠳᠠᠷ ᠣᠷᠣᠨ ᠤ ᠪᠠᠭ᠎ᠠ ᠰᠤᠷᠭᠠᠭᠤᠯᠢ ᠠᠴᠠ | ᠲᠡᠭᠦᠰᠦᠭᠡᠳ ᠡᠷᠦᠬᠡ ᠠᠮᠠ ᠰᠤᠷᠭᠠᠭᠤᠯᠢ ᠳᠤ ᠤᠷᠤᠭᠰᠠᠨ ᠰᠣᠷᠣᠭᠴᠢ ᠶᠢᠨ ᠬᠡᠷ ᠤᠨ ᠠᠬᠠᠮᠠᠳ ︽ᠲᠦᠩᠯᠢᠶᠣᠤ | ᠬᠤᠲᠠ ᠶᠢᠨ ᠰᠤᠷᠭᠠᠨ ᠬᠥᠮᠦᠵᠢᠯ ᠤᠨ ᠡᠭᠦᠯᠡᠨ︾ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ︾ ᠸᠢᠴᠠᠲ ᠤᠨ ᠨᠡᠶᠢᠲᠡ ᠶᠢᠨ ᠳ᠋ᠤᠭᠠᠷ ︵ᠬᠤᠶᠠᠷ ᠬᠡᠮᠵᠢᠯᠳᠦ ᠺᠣᠳ᠋ ᠢ | ᠳᠠᠭᠠᠯᠳᠤᠭᠤᠯᠤᠨ 7 ᠦᠵᠡᠭᠡᠷᠡᠶ᠃︶ ᠢᠯᠡ ᠪᠠᠷ ᠰᠣᠷᠣᠭᠴᠢ ᠡᠯᠰᠡᠬᠦ ᠲᠠᠪᠴᠠᠩ ᠳᠤ ᠴᠠᠭ ᠲᠤᠬᠠᠶ ᠳᠤᠨᠢ ᠨᠡᠷ᠎ᠡ | ᠮᠡᠳᠡᠭᠦᠯᠬᠦ ᠶᠢᠨ ᠬᠠᠮᠲᠤ ᠲᠠᠪᠴᠠᠩ ᠤᠨ ᠵᠠᠯᠭᠠᠮᠵᠢ ᠮᠡᠳᠡᠭᠡ ᠵᠠᠩᠭᠢ ᠨᠡᠶᠢᠲᠡᠯᠡᠬᠦ ᠶᠢ ᠴᠠᠭ ᠲᠤᠬᠠᠶ ᠳᠤᠨᠢ ᠠᠩᠬᠠᠷᠤᠨ᠎ᠠ᠃ | ︵ᠲᠦᠷᠪᠡ︶ ᠡᠯᠰᠡᠬᠦ ᠠᠷᠭ᠎ᠠ | 1. ᠬᠥᠳᠡᠭᠡ ᠲᠣᠰᠬᠤᠨ ᠤ ᠪᠠᠭ᠎ᠠ ᠰᠤᠷᠭᠠᠭᠤᠯᠢ ᠡᠯᠰᠡᠬᠦ᠄ ᠡᠯᠰᠡᠬᠦ ᠰᠤᠷᠭᠠᠭᠤᠯᠢ ᠠᠴᠠ ᠰᠦᠯᠵᠢᠶᠡᠨ ᠳᠡᠭᠡᠷ᠎ᠡ | ᠠᠩᠬᠠᠨ ᠤ ᠬᠢᠨᠠᠯᠲᠠ ᠬᠢᠵᠦ᠂ ᠬᠢᠨᠠᠨ ᠬᠠᠷᠭᠤᠭᠤᠯᠵᠤ ᠪᠠᠲᠤᠯᠠᠭᠰᠠᠨ ᠢ ᠠᠩᠬᠠᠨ ᠤ ᠬᠢᠨᠠᠨ ᠮᠡᠳᠡᠭᠦᠯᠦᠯᠲᠡ ᠶᠢᠨ | ᠬᠦᠰᠦᠨᠦᠭᠲᠦ ᠶᠢ ᠨᠢᠭᠡᠳᠦᠯᠲᠡᠶ ᠪᠠᠷ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠰᠦᠯᠵᠢᠶᠡᠨ ᠭᠠᠳᠠᠨ᠎ᠠ ᠬᠢᠨᠠᠨ ᠬᠠᠷᠭᠤᠭᠤᠯᠵᠤ᠂ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢᠨ ᠲᠠᠮᠠᠭ᠎ᠠ ᠶᠢ | ᠳᠠᠷᠤᠵᠤ᠂ ᠡᠯᠰᠡᠬᠦ ᠶᠢ ᠨᠤᠲᠠᠯᠠᠨ᠎ᠠ᠃ | 2. ᠬᠥᠳᠡᠭᠡ ᠲᠣᠰᠬᠤᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ᠄ | ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠵᠢᠯ ᠲᠥᠷᠥᠯ ᠢᠶᠠᠷ ᠢᠶᠠᠨ ᠰᠤᠷᠭᠠᠭᠤᠯᠢ | ᠳᠡᠪᠰᠢᠬᠦ ᠪᠠᠭ᠎ᠠ ᠰᠤᠷᠭᠠᠭᠤᠯᠢ ᠶᠢᠨ ᠬᠠᠩᠭᠠᠭᠰᠠᠨ ᠠᠵᠢᠯ ᠲᠥᠷᠥᠯ ᠢᠶᠠᠷ ᠢᠶᠠᠨ ᠰᠤᠷᠭᠠᠭᠤᠯᠢ ᠳᠡᠪᠰᠢᠬᠦ ᠨᠡᠷᠡᠰ ᠤᠨ | ᠪᠦᠷᠢᠳᠬᠡᠯ ᠢ ᠰᠣᠷᠣᠭᠴᠢ ᠡᠯᠰᠡᠬᠦ ᠲᠠᠪᠴᠠᠩ ᠳᠤ ᠣᠷᠣᠭᠤᠯᠵᠤ᠂ ᠣᠷᠣᠭᠤᠯᠤᠭᠰᠠᠨ ᠦᠷ᠎ᠡ ᠳ᠋ᠦᠩ ᠨᠢ ᠳᠠᠷᠤᠶ | ᠡᠯᠰᠡᠭᠰᠡᠨ ᠦᠷ᠎ᠡ ᠳ᠋ᠦᠩ ᠪᠣᠯᠤᠨ᠎ᠠ᠃ | 3᠂ ᠭᠠᠨᠵᠤᠭ᠎ᠠ ᠪᠠᠯᠭᠠᠰᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠬᠦ᠄ ᠬᠤᠰᠢᠭᠤᠨ ᠤ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠰᠦᠯᠵᠢᠶᠡᠨ ᠳᠡᠭᠡᠷ᠎ᠡ ᠠᠩᠬ᠎ᠠ ᠬᠢᠨᠠᠵᠤ᠂ ᠬᠢᠨᠠᠨ | ᠬᠠᠷᠭᠤᠭᠤᠯᠵᠤ ᠪᠠᠲᠤᠯᠠᠭᠰᠠᠨ ᠪᠠᠶᠢᠪᠠᠯ᠂ ᠬᠡᠷ ᠤᠨ ᠠᠬᠠᠮᠠᠳ ᠠᠩᠬᠠᠨ ᠤ ᠬᠢᠨᠠᠨ ᠮᠡᠳᠡᠭᠦᠯᠬᠦ ᠨᠡᠷᠡᠰ ᠤᠨ ᠬᠦᠰᠦᠨᠦᠭᠲᠦ | ᠪᠠ ᠬᠠᠮᠢᠶ᠎ᠠ ᠪᠥᠬᠦᠶ ᠴᠢᠬᠤᠯᠠ ᠨᠥᠬᠦᠴᠡᠯ ᠤᠨ ᠤᠤᠯ ᠮᠠᠲ᠋ᠧᠷᠢᠶᠠᠯ ᠢ ᠤᠤᠯ ᠤᠨ ᠠᠩᠭᠢ ᠶᠢᠨ ᠡᠷᠬᠢᠯᠡᠭᠴᠢ ᠶᠢᠨ | ᠭᠠᠵᠠᠷ ᠲᠤ ᠲᠤᠰᠢᠶᠠᠵᠤ᠂ ᠰᠤᠷᠭᠠᠭᠤᠯᠢ ︵ᠬᠡᠤᠬᠡᠳ ᠤᠨ ᠴᠡᠴᠡᠷᠯᠢᠭ︶ ᠠᠴᠠ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠶᠢᠨ ᠰᠦᠯᠵᠢᠶᠡᠨ ᠭᠠᠳᠠᠨ᠎ᠠ ᠬᠢᠨᠠᠨ ᠬᠠᠷᠭᠤᠭᠤᠯᠵᠤ᠂ ᠬᠠᠮᠤᠭ ᠡᠴᠦᠰ ᠲᠤ ᠬᠢᠨᠠᠨ | ᠬᠠᠷᠭᠤᠭᠤᠯᠤᠭᠰᠠᠨ ᠦᠷ᠎ᠡ ᠳ᠋ᠦᠩ ᠢ ᠰᠦᠯᠵᠢᠶᠡᠨ ᠭᠠᠳᠠᠨᠠᠬᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢᠶᠠᠷ | ᠪᠠᠷᠢᠮᠵᠢᠶ᠎ᠠ ᠪᠣᠯᠭᠠᠵᠤ᠂ ᠬᠤᠤᠰ ᠱᠤᠭᠤᠮ ᠤᠨ ᠬᠢᠨᠠᠨ ᠬᠠᠷᠭᠤᠭᠤᠯᠤᠯᠲᠠ ᠪᠠᠳᠤᠯᠠᠭᠰᠠᠨ ᠨᠢ ᠴᠦ ᠯᠠᠪᠲᠠᠢ ᠲᠠᠭᠯᠠᠨ | ᠮᠡᠳᠡᠭᠦᠯᠦᠭᠳᠡᠭᠰᠡᠨ ᠰᠤᠷᠭᠠᠭᠤᠯᠢ ᠶᠢᠨ ᠰᠣᠷᠣᠭᠴᠢ ᠡᠯᠰᠡᠬᠦ ᠶᠢ ᠲᠥᠯᠥᠭᠡᠯᠡᠬᠦ ᠥᠬᠡᠶ᠃ ᠬᠢᠨᠠᠨ ᠬᠠᠷᠭᠤᠭᠤᠯᠵᠤ | ᠪᠠᠲᠤᠯᠠᠭᠰᠠᠨ ᠪᠠᠶᠢᠪᠠᠯ᠂ ᠠ᠂ B᠂ C᠂ D᠂ E ᠲᠠᠪᠤᠨ ᠵᠦᠢᠯ ᠤᠨ ᠡᠷᠳᠡᠮ ᠤᠨ ᠴᠣᠯᠠ ᠶᠢᠨ ᠲᠥᠷᠥᠯ | ᠵᠦᠢᠯ ᠤᠨ ᠶᠣᠰᠣᠭᠠᠷ᠂ ᠰᠤᠷᠤᠭᠴᠢ ᠡᠯᠰᠡᠬᠦ ᠲᠥᠯᠥᠪᠯᠡᠭᠡ ᠶᠢᠨ ᠲᠤᠭ᠎ᠠ ᠶᠣᠰᠣᠭᠠᠷ ᠪᠦᠯᠦᠭ ᠤᠳᠠᠭ᠎ᠠ ᠬᠤᠪᠢᠶᠠᠨ | ᠠᠶᠠᠨᠳᠠᠭᠠᠨ ᠡᠯᠰᠡᠨ ᠠᠪᠬᠤ ᠪᠣᠯᠤᠨ᠎ᠠ᠃ ᠡᠯᠰᠡᠬᠦ ᠶᠠᠪᠤᠴᠠ ᠳᠤ᠂ ᠶᠠᠮᠠᠷ ᠨᠢᠭᠡᠨ ᠪᠦᠯᠦᠭ ᠤᠳᠠᠭ᠎ᠠ ᠪᠣᠯᠲᠠᠯ᠎ᠠ᠂ ᠨᠡᠷ᠎ᠡ | ᠮᠡᠳᠡᠭᠦᠯᠦᠭᠰᠡᠨ ᠬᠥᠮᠦᠨ ᠤ ᠲᠤᠭ᠎ᠠ ᠨᠢ ᠰᠣᠷᠣᠭᠴᠢ ᠡᠯᠰᠡᠬᠦ ᠲᠥᠯᠥᠪᠯᠡᠭᠡ ᠶᠢᠨ ᠲᠤᠭ᠎ᠠ ᠠᠴᠠ ᠬᠡᠲᠦᠷᠡᠭᠰᠡᠨ ᠦᠶ᠎ᠡ ᠳᠤ | ᠂ ᠡᠨᠡ ᠪᠦᠯᠦᠭ ᠤᠳᠠᠭ᠎ᠠ ᠠᠴᠠ ᠡᠬᠢᠯᠡᠨ ᠺᠣᠮᠫᠢᠦ᠋ᠲ᠋ᠧᠷ ᠤᠨ ᠲᠠᠰᠢᠷᠠᠮ ᠢᠶᠠᠷ ᠣᠷᠣᠨ ᠪᠠᠶᠢᠷᠢ ᠲᠠᠭᠠᠷᠠᠭᠤᠯᠬᠤ ︵ᠨᠣᠮᠧᠷ | ᠡᠷᠭᠢᠭᠦᠯᠬᠦ︶ ᠠᠷᠭ᠎ᠠ ᠮᠠᠶ᠋ᠢᠭ ᠢᠶᠠᠷ ᠡᠯᠰᠡᠨ᠎ᠡ᠃ ᠨᠣᠮᠧᠷ ᠣᠷᠬᠢᠬᠤ ᠳᠤᠮᠳᠠ ᠪᠠ ᠪᠤᠰᠤᠳ ᠬᠡᠪ ᠤᠨ ᠶᠣᠰᠣᠭᠠᠷ | ᠰᠤᠷᠭᠠᠭᠤᠯᠢ ᠳᠤ ᠤᠷᠤᠭᠰᠠᠨ ᠦᠭᠡᠢ ᠰᠤᠷᠤᠭᠴᠢᠳ ᠡᠷᠬᠡᠪᠰᠢ ᠬᠤᠰᠢᠭᠤᠨ ᠤ ᠰᠣᠷᠣᠭᠴᠢ ᠡᠯᠰᠡᠬᠦ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠲᠤᠬᠢᠷᠠᠭᠤᠯᠤᠨ ᠲᠣᠬᠢᠷᠠᠭᠤᠯᠵᠤ ᠰᠤᠷᠭᠠᠭᠤᠯᠢ ᠳᠤ ᠣᠷᠣᠭᠤᠯᠬᠤ | ᠬᠡᠷᠡᠭᠲᠡᠶ᠃ | ︵ᠲᠠᠪᠤ︶ ᠰᠤᠷᠤᠭᠴᠢ ᠡᠯᠰᠡᠬᠦ ᠰᠤᠷᠭᠠᠭᠤᠯᠢ ᠳᠤ ᠣᠷᠣᠬᠤ ᠳᠤ ᠨᠡᠷ᠎ᠡ ᠮᠡᠳᠡᠭᠦᠯᠦᠭᠰᠡᠨ ᠦᠨᠡᠨᠴᠢ | ᠢᠲᠡᠭᠡᠮᠵᠢ ᠶᠢᠨ ᠨᠡᠷ᠎ᠡ ᠶᠢᠨ ᠬᠠᠷ᠎ᠠ ᠳᠠᠩᠰᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ | ᠬᠤᠰᠢᠭᠤᠨ ᠤ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠦᠨᠡᠨᠴᠢ ᠢᠲᠡᠭᠡᠮᠵᠢ ᠶᠢᠨ ᠬᠠᠷ᠎ᠠ | ᠲᠠᠩᠰᠠ ᠶᠢᠨ ᠲᠦᠷᠢᠮ ᠢ ᠪᠠᠶᠢᠭᠤᠯᠵᠤ᠂ ᠬᠡᠷ ᠪᠠᠶᠢᠰᠢᠩ ᠲᠦᠷᠢᠶᠡᠰᠦᠯᠡᠬᠦ᠂ ᠠᠵᠢᠯ ᠤᠨ ᠭᠡᠷᠡᠴᠢ ᠨᠢ ᠬᠤᠳᠠᠯ | ᠬᠠᠭᠤᠷᠮᠠᠭ ᠮᠠᠲ᠋ᠧᠷᠢᠶᠠᠯ ᠬᠠᠩᠭᠠᠭᠰᠠᠨ ᠪᠠᠶᠢᠪᠠᠯ᠂ ᠬᠠᠤᠯᠢ ᠪᠠᠷ ᠲᠣᠭᠲᠠᠭᠠᠭᠰᠠᠨ ᠣᠷᠣᠨ ᠰᠠᠭᠤᠴᠠ ᠪᠠᠨ ᠨᠢᠭᠤᠨ | ᠳᠠᠯᠳᠠᠯᠠᠵᠤ ᠰᠣᠷᠣᠭᠴᠢ ᠡᠯᠰᠡᠬᠦ ᠡᠮᠬᠢ ᠵᠢᠷᠤᠮ ᠢ ᠰᠠᠮᠠᠭᠤᠷᠠᠭᠤᠯᠤᠭᠰᠠᠨ ᠪᠠᠶᠢᠪᠠᠯ᠂ ᠴᠥᠮ ᠦᠨᠡᠨᠴᠢ ᠢᠲᠡᠭᠡᠮᠵᠢ ᠶᠢᠨ | ᠬᠠᠷ᠎ᠠ ᠲᠠᠩᠰᠠ ᠳᠤ ᠣᠷᠣᠭᠤᠯᠪᠠ︔ ᠰᠣᠷᠣᠭᠴᠢ ᠶᠢᠨ ᠬᠡᠷ ᠤᠨ ᠠᠬᠠᠮᠠᠳ ︵ᠬᠠᠤᠯᠢ ᠪᠠᠷ ᠲᠣᠭᠲᠠᠭᠠᠭᠰᠠᠨ ᠬᠢᠨᠠᠨ | ᠬᠠᠮᠠᠭᠠᠯᠠᠭᠴᠢ︶ ᠬᠤᠶᠠᠳᠤᠭᠠᠷ ᠦᠶ᠎ᠡ ᠶᠢᠨ ᠡᠷᠦᠬᠡ ᠠᠮᠠ ᠶᠢᠨ ᠳᠡᠪᠲᠡᠷ ᠪᠤᠶᠤ ᠬᠡᠷ ᠬᠥᠷᠥᠩᠭᠡ ᠶᠢᠨ ᠦᠨᠡᠮᠯᠡᠯ ᠢ | ᠬᠠᠭᠤᠷᠮᠠᠭ ᠢᠶᠠᠷ ᠵᠣᠬᠢᠶᠠᠵᠤ᠂ ᠦᠨᠡᠨᠴᠢ ᠢᠲᠡᠭᠡᠮᠵᠢ ᠶᠢᠨ ᠬᠠᠷ᠎ᠠ ᠲᠠᠩᠰᠠ ᠳᠤ ᠣᠷᠣᠭᠤᠯᠬᠤ ᠶᠢᠨ ᠬᠠᠮᠲᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠠᠤᠯᠢ ᠶᠣᠰᠣᠭᠠᠷ ᠬᠡᠷᠡᠭ ᠮᠡᠳᠡᠭᠦᠯᠵᠦ ᠰᠢᠢᠳᠪᠦᠷᠢᠯᠡᠨ᠎ᠡ᠃ ᠦᠨᠡᠨᠴᠢ | ᠢᠲᠡᠭᠡᠮᠵᠢ ᠶᠢᠨ ᠬᠠᠷ᠎ᠠ ᠳᠠᠩᠰᠠᠨ ᠳᠤ ᠣᠷᠣᠭᠤᠯᠪᠠᠯ᠂ ᠪᠣᠢ ᠪᠣᠯᠣᠭᠰᠠᠨ ᠠᠯᠢᠪᠠ ᠦᠷ᠎ᠡ ᠳ᠋ᠦᠩ ᠢ ᠭᠡᠷ ᠤᠨ ᠠᠬᠠᠮᠠᠳ | ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠠᠴᠠ ᠡᠭᠦᠷᠭᠡᠯᠡᠨ᠎ᠡ᠃ ᠰᠣᠷᠣᠭᠴᠢ ᠡᠯᠰᠡᠬᠦ ᠶᠠᠪᠤᠴᠠ ᠳᠤ᠂ | ᠲᠣᠭᠤᠷᠢᠭ ᠤᠨ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠳᠣᠭᠢᠷᠠᠭᠤᠯᠤᠨ | ᠰᠤᠷᠭᠠᠭᠤᠯᠢ ᠳᠤ ᠣᠷᠣᠬᠤ ᠪᠤᠶᠤ ᠲᠡᠭᠦᠨ ᠢ ᠡᠷᠦᠬᠡ ᠠᠮᠠ ᠶᠢᠨ ᠪᠠᠶᠢᠭ᠎ᠠ ᠭᠠᠵᠠᠷ ᠲᠠᠭᠠᠨ ᠪᠤᠴᠠᠵᠤ ᠰᠤᠷᠭᠠᠭᠤᠯᠢ ᠳᠤ | ᠣᠷᠣᠭᠤᠯᠬᠤ ᠶᠢ ᠱᠠᠭᠠᠷᠳᠠᠬᠤ ᠪᠣᠯᠤᠨ᠎ᠠ᠃ ᠰᠤᠷᠤᠭᠴᠢ ᠡᠯᠰᠡᠬᠦ ᠰᠤᠷᠭᠠᠭᠤᠯᠢ ᠳᠤ ᠣᠷᠣᠬᠤ ᠶᠠᠪᠤᠴᠠ ᠳᠤ᠂ ᠬᠠᠮᠢᠶ᠎ᠠ | ᠪᠥᠬᠦᠶ ᠰᠠᠯᠠᠭ᠎ᠠ ᠮᠥᠴᠢᠷ᠂ ᠨᠢᠭᠡᠴᠢ᠂ ᠰᠤᠷᠭᠠᠭᠤᠯᠢ ᠵᠢᠴᠢ ᠬᠤᠪᠢ ᠬᠥᠮᠦᠨ ᠲᠣᠭᠲᠠᠭᠠᠯ ᠠᠴᠠ ᠵᠥᠷᠢᠴᠡᠨ ᠭᠡᠷᠡᠴᠢ | ᠭᠠᠷᠭᠠᠵᠤ᠂ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠨ ᠪᠠᠶᠢᠪᠠᠯ᠂ ᠬᠠᠤᠯᠢ ᠲᠣᠭᠲᠠᠭᠠᠯ ᠰᠠᠬᠢᠯᠭ᠎ᠠ ᠪᠠᠲᠤ | ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ︵ᠵᠢᠷᠭᠤᠭ᠎ᠠ︶ ᠣᠨᠴᠠᠭᠠᠢ ᠬᠥᠮᠥᠰ ᠢ ᠬᠠᠯᠠᠮᠵᠢᠯᠠᠨ ᠬᠠᠶᠢᠷᠠᠯᠠᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ | ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠶᠢ ᠨᠠᠶᠢᠳᠠᠪᠤᠷᠢᠵᠢᠭᠤᠯᠤᠨ᠎ᠠ | ᠵᠡᠮᠳᠡᠭ ᠬᠡᠤᠬᠡᠳ ᠤᠨ ᠰᠤᠷᠭᠠᠭᠤᠯᠢ ᠳᠤ ᠣᠷᠣᠬᠤ ᠠᠵᠢᠯ ᠢ ᠴᠢᠬᠤᠯᠠᠴᠢᠯᠠᠵᠤ᠂ ᠬᠠᠮ ᠰᠤᠷᠭᠠᠨ ᠬᠥᠮᠦᠵᠢᠯ ᠢ | ᠶᠡᠬᠡᠪᠡᠷ ᠲᠦᠯᠬᠢᠨ ᠠᠬᠢᠭᠤᠯᠵᠤ᠂ ᠬᠥᠩᠭᠡᠪᠲᠦᠷ ᠵᠡᠮᠳᠡᠭ ᠬᠡᠤᠬᠡᠳ᠂ ᠪᠠᠭᠠᠴᠤᠳ ᠢ ᠡᠩ ᠤᠨ ᠰᠤᠷᠭᠠᠭᠤᠯᠢ ᠳᠤ | ᠣᠴᠢᠵᠤ ᠠᠩᠭᠢ ᠳᠠᠭᠠᠵᠤ ᠰᠤᠷᠤᠯᠴᠠᠭᠤᠯᠤᠨ᠎ᠠ︔ ᠳᠤᠮᠳᠠ ᠵᠡᠷᠭᠡ ᠶᠢᠨ ᠵᠡᠮᠳᠡᠭ ᠬᠡᠤᠬᠡᠳ᠂ ᠪᠠᠭᠠᠴᠤᠳ ᠢ ᠣᠨᠴᠠᠭᠠᠶ | ᠰᠤᠷᠭᠠᠨ ᠬᠥᠮᠦᠵᠢᠯ ᠤᠨ ᠰᠤᠷᠭᠠᠭᠤᠯᠢ ᠳᠤ ᠰᠤᠷᠤᠯᠴᠠᠭᠤᠯᠬᠤ ᠬᠡᠷᠡᠭᠲᠡᠶ︔ ᠲᠤᠰᠬᠠᠶ ᠬᠥᠮᠦᠨ ᠢᠶᠠᠷ ᠠᠰᠠᠷᠠᠨ | ᠲᠡᠵᠢᠭᠡᠯᠭᠡᠬᠦ ᠴᠢᠬᠤᠯᠠᠲᠠᠶ ᠪᠣᠯ ᠰᠤᠷᠭᠠᠭᠤᠯᠢ ᠳᠤ ᠣᠴᠢᠵᠤ ᠰᠤᠷᠤᠯᠴᠠᠬᠤ ᠠᠭᠤᠯᠭ᠎ᠠ ᠦᠭᠡᠢ ᠪᠠᠶᠢᠪᠠᠯ᠂ ᠰᠤᠷᠭᠠᠨ | ᠬᠥᠮᠦᠵᠢᠯ ᠢ ᠬᠡᠷ ᠲᠤᠨᠢ ᠬᠦᠷᠭᠡᠬᠦ ᠠᠷᠭ᠎ᠠ ᠮᠠᠶ᠋ᠢᠭ ᠢᠶᠠᠷ ᠲᠡᠳᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ | ᠬᠦᠷᠲᠡᠬᠦ ᠶᠢ ᠬᠠᠤᠯᠢ ᠶᠣᠰᠣᠭᠠᠷ ᠪᠠᠲᠤᠯᠠᠨ᠎ᠠ᠃ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ | ᠰᠤᠷᠤᠯᠭ᠎ᠠ ᠶᠢ ᠪᠠᠲᠤᠯᠠᠬᠤ ᠬᠠᠤᠯᠢ ᠪᠠᠷ ᠲᠣᠭᠲᠠᠭᠠᠭᠰᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠯᠪᠣᠭᠠᠯᠠᠨ | ᠡᠵᠡᠮᠳᠡᠵᠦ ᠬᠤᠯᠪᠣᠭᠠᠯᠠᠨ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠵᠦ ᠰᠤᠷᠤᠯᠭ᠎ᠠ ᠶᠢ | ᠲᠡᠳᠬᠦᠬᠦ ᠲᠦᠷᠢᠮ ᠢ ᠲᠡᠭᠦᠯᠳᠡᠷᠵᠢᠭᠦᠯᠵᠦ᠂ ᠣᠨᠴᠠᠭᠠᠶ ᠬᠠᠮᠲᠤᠯᠢᠭ ᠤᠨ ᠰᠤᠷᠤᠭᠴᠢᠳ ᠤᠨ ᠰᠤᠷᠭᠠᠭᠤᠯᠢ ᠳᠤ | ᠣᠷᠣᠬᠤ ᠡᠬᠡ ᠲᠠᠩᠰᠠ ᠶᠢ ᠪᠠᠶᠢᠭᠤᠯᠵᠤ᠂ ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠬᠡᠤᠬᠡᠳ᠂ | ᠥᠨᠥᠴᠢᠨ ᠬᠡᠤᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠥᠨᠥᠴᠢᠨ ᠬᠡᠤᠬᠡᠳ᠂ ᠵᠡᠮᠳᠡᠭ ᠬᠡᠤᠬᠡᠳ᠂ | ᠶᠠᠳᠠᠭᠤ ᠬᠦᠴᠢᠷᠳᠡᠯᠲᠡᠶ ᠬᠡᠷ ᠪᠦᠯᠢ ᠶᠢᠨ ᠰᠤᠷᠬᠤ ᠨᠠᠰᠤᠨ ᠤ ᠦᠷ᠎ᠡ ᠬᠡᠤᠬᠡᠳ ᠢ ᠴᠠᠭ ᠲᠤᠬᠠᠶ ᠳᠤᠨᠢ | ᠰᠤᠷᠭᠠᠭᠤᠯᠢ ᠳᠤ ᠣᠷᠣᠭᠤᠯᠬᠤ ᠶᠢ ᠬᠠᠤᠯᠢ ᠶᠣᠰᠣᠭᠠᠷ ᠪᠠᠲᠤᠯᠠᠨ᠎ᠠ᠃ | ᠲᠦᠷᠪᠡ᠂ ᠲᠡᠩᠴᠡᠪᠦᠷᠢ ᠲᠠᠢ ᠠᠩᠬᠢ ᠬᠤᠪᠢᠶᠠᠪᠠ | ︽ᠲᠦᠩᠯᠢᠶᠣᠤ ᠬᠤᠲᠠ ᠶᠢᠨ ᠰᠤᠷᠭᠠᠨ ᠬᠥᠮᠦᠵᠢᠯ ᠤᠨ ᠡᠭᠦᠯᠡᠨ︾ ᠰᠦᠯᠵᠢᠶᠡᠨ ᠳᠡᠭᠡᠷ᠎ᠡ ᠠᠩᠭᠢ ᠬᠤᠪᠢᠶᠠᠬᠤ | ᠰᠢᠰᠲ᠋ᠧᠮ ᠤᠨ ᠲᠡᠩᠴᠡᠭᠦᠷᠢᠲᠡᠶ ᠠᠩᠭᠢ ᠬᠤᠪᠢᠶᠠᠵᠤ᠂ ᠪᠠᠭᠰᠢ ᠲᠣᠬᠢᠷᠠᠭᠤᠯᠬᠤ᠂ ᠰᠢᠨ᠎ᠡ ᠰᠤᠷᠤᠭᠴᠢ ᠲᠠᠰᠢᠷᠠᠮ ᠢᠶᠠᠷ | ᠠᠩᠭᠢ ᠬᠤᠪᠢᠶᠠᠬᠤ᠂ ᠠᠩᠭᠢ ᠶᠢᠨ ᠡᠷᠬᠢᠯᠡᠭᠴᠢ ᠲᠤᠬᠠᠶ ᠶᠢᠨ ᠲᠠᠯᠠᠪᠤᠷ ᠲᠤ ᠰᠢᠪᠠᠭ᠎ᠠ ᠰᠤᠭᠤᠯᠬᠤ ᠭᠤᠷᠪᠠᠨ | ᠭᠤᠭᠴᠤᠭ᠎ᠠ ᠪᠠᠷ ᠳᠠᠮᠵᠢᠭᠤᠯᠤᠨ᠂ ᠡᠴᠦᠰ ᠲᠡᠭᠡᠨ ᠠᠩᠭᠢ ᠬᠤᠪᠢᠶᠠᠭᠰᠠᠨ ᠦᠷ᠎ᠡ ᠳ᠋ᠦᠩ ᠢ ᠲᠣᠭᠲᠠᠭᠠᠪᠠ᠃ | ︵ᠨᠢᠭᠡ︶ ᠪᠠᠭᠰᠢ ᠶᠢᠨ ᠬᠢᠷᠢ ᠭᠡᠮ ᠢ ᠤᠷᠢᠳᠴᠢᠯᠠᠨ ᠲᠣᠬᠢᠷᠠᠭᠤᠯᠵᠤ᠂ ᠠᠩᠭᠢ ᠶᠢᠨ ᠡᠷᠬᠢᠯᠡᠭᠴᠢ ᠶᠢ ᠨᠢ | ᠲᠣᠭᠲᠠᠭᠠᠬᠤ ᠬᠡᠷᠡᠭᠲᠡᠶ᠃ ᠰᠤᠷᠭᠠᠭᠤᠯᠢ ᠨᠢ ᠪᠠᠭᠰᠢ ᠶᠢᠨ ᠨᠠᠰᠤ᠂ ᠪᠠᠭᠰᠢᠯᠠᠭᠰᠠᠨ ᠬᠤᠭᠤᠴᠠᠭ᠎ᠠ᠂ ᠰᠢᠨᠵᠢᠯᠡᠭᠡᠨ ᠤ | ᠰᠠᠯᠠᠭ᠎ᠠ᠂ ᠮᠡᠷᠭᠡᠵᠢᠯ ᠤᠨ ᠴᠤᠯᠠ᠂ ᠰᠤᠷᠤᠯᠭ᠎ᠠ ᠶᠢᠨ ᠨᠠᠮᠲᠠᠷ ᠪᠠ ᠵᠢᠭᠠᠨ ᠰᠤᠷᠭᠠᠯᠲᠠ ᠶᠢᠨ ᠬᠢᠷᠢ ᠪᠦᠲᠦᠮᠵᠢ ᠵᠡᠷᠭᠡ ᠶᠢ | ᠦᠨᠳᠦᠰᠦᠯᠡᠨ᠂ ᠪᠠᠭᠰᠢ ᠶᠢ ᠲᠡᠩᠴᠡᠪᠦᠷᠢ ᠲᠠᠢ ᠲᠣᠬᠢᠷᠠᠭᠤᠯᠵᠤ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃ ᠪᠠᠭᠰᠢ ᠶᠢᠨ ᠲᠡᠩᠴᠡᠭᠦᠷᠢᠲᠡᠶ | ᠲᠣᠬᠢᠷᠠᠭᠤᠯᠤᠯᠲᠠ ᠬᠢᠬᠦ ᠶᠢᠨ ᠬᠠᠮᠲᠤ ᠴᠠᠭ ᠲᠤᠬᠠᠶ ᠳᠤᠨᠢ ᠢᠯᠡ ᠨᠡᠶᠢᠲᠡᠯᠡᠵᠦ᠂ ᠨᠡᠶᠢᠭᠡᠮ᠂ ᠬᠡᠷ ᠤᠨ ᠠᠬᠠᠮᠠᠳ ᠤᠨ | ᠬᠢᠨᠠᠯᠲᠠ ᠶᠢ ᠬᠦᠯᠢᠶᠡᠵᠦ᠂ ᠵᠠᠷᠯᠠᠨ ᠨᠡᠶᠢᠲᠡᠯᠡᠭᠰᠡᠨ ᠤ ᠳᠠᠷᠠᠭ᠎ᠠ ᠳᠠᠬᠢᠨ ᠲᠣᠬᠢᠷᠠᠭᠤᠯᠤᠯᠲᠠ ᠬᠢᠬᠦ ᠶᠢ ᠵᠥᠪᠰᠢᠶᠡᠷᠡᠬᠦ | ᠥᠬᠡᠶ᠃ | ︵ᠬᠤᠶᠠᠷ︶ ᠳᠦᠷᠢᠮ ᠤᠨ ᠶᠣᠰᠣᠭᠠᠷ ᠲᠤᠬᠠᠶ ᠶᠢᠨ ᠲᠠᠯᠠᠪᠤᠷ ᠲᠤ ᠲᠣᠬᠢᠶᠠᠯᠳᠤᠯ ᠢᠶᠠᠷ ᠠᠩᠭᠢ ᠬᠤᠪᠢᠶᠠᠬᠤ ᠶᠢᠨ | ᠬᠠᠮᠲᠤ ᠡᠯ᠎ᠡ ᠠᠩᠭᠢ ᠶᠢᠨ ᠡᠷᠬᠢᠯᠡᠭᠴᠢ ᠵᠢᠴᠢ ᠰᠠᠯᠠᠭᠠᠨ ᠤ ᠪᠠᠭᠰᠢ ᠶᠢ ᠲᠣᠭᠲᠠᠭᠠᠨ᠎ᠠ᠃ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ᠂ ᠨᠠᠮ ᠤᠨ ᠲᠥᠯᠥᠭᠡᠯᠡᠭᠴᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ | ᠰᠣᠷᠣᠭᠴᠢ ᠶᠢᠨ ᠬᠡᠷ ᠤᠨ ᠠᠬᠠᠮᠠᠳ ᠤᠨ ᠲᠥᠯᠥᠭᠡᠯᠡᠭᠴᠢ ᠵᠡᠷᠭᠡ ᠲᠤᠬᠠᠶ ᠶᠢᠨ ᠲᠠᠯᠠᠪᠤᠷ ᠤᠨ ᠬᠢᠨᠠᠯᠲᠠ ᠳᠣᠤᠷ᠎ᠠ᠂ | ᠰᠤᠷᠭᠠᠭᠤᠯᠢ ᠠᠴᠠ ︽ᠲᠦᠩᠯᠢᠶᠣᠤ ᠬᠤᠲᠠ ᠶᠢᠨ ᠰᠤᠷᠭᠠᠨ ᠬᠥᠮᠦᠵᠢᠯ ᠤᠨ ᠡᠭᠦᠯᠡᠨ︾ ᠰᠦᠯᠵᠢᠶᠡᠨ ᠳᠡᠭᠡᠷ᠎ᠡ ᠠᠩᠭᠢ | ᠬᠤᠪᠢᠶᠠᠬᠤ ᠰᠢᠰᠲ᠋ᠧᠮ ᠢᠶᠠᠷ ᠳᠠᠮᠵᠢᠭᠤᠯᠤᠨ ᠰᠤᠷᠤᠭᠴᠢᠳ ᠢ ᠠᠩᠭᠢ ᠬᠤᠪᠢᠶᠠᠵᠤ᠂ ᠪᠠᠭ᠎ᠠ ᠰᠤᠷᠭᠠᠭᠤᠯᠢ ᠶᠢᠨ | ᠨᠢᠭᠡᠳᠦᠭᠡᠷ ᠣᠨ ᠤ ᠰᠢᠨ᠎ᠡ ᠰᠣᠷᠣᠭᠴᠢ ᠶᠢᠨ ᠰᠤᠷᠭᠠᠭᠤᠯᠢ ᠳᠤ ᠴᠢᠭᠯᠡᠭᠦᠯᠦᠨ ᠶᠠᠮᠠᠷᠪᠠ ᠬᠡᠯᠪᠡᠷᠢ ᠶᠢᠨ ᠠᠩᠭᠢ | ᠬᠤᠪᠢᠶᠠᠬᠤ ᠰᠢᠯᠭᠠᠯᠲᠠ ᠶᠢ ᠵᠣᠬᠢᠶᠠᠨ ᠪᠠᠶᠢᠭᠤᠯᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠵᠣᠬᠢᠶᠠᠨ ᠪᠠᠶᠢᠭᠤᠯᠵᠤ | ᠪᠣᠯᠬᠤ ᠥᠬᠡᠶ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠣᠷᠣᠭᠴᠢ ᠶᠢ | ᠠᠩᠭᠢ ᠬᠤᠪᠢᠶᠠᠬᠤ ᠠᠷᠭ᠎ᠠ ᠪᠠᠷ ᠲᠡᠩᠴᠡᠭᠦᠷᠢᠲᠡᠶ ᠬᠤᠪᠢᠶᠠᠷᠢᠯᠠᠬᠤ ᠶᠢ ᠪᠠᠲᠤᠯᠠᠵᠤ︔ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠣᠷᠣᠭᠴᠢ ᠠᠩᠭᠢ ᠬᠤᠪᠢᠶᠠᠬᠤ ᠦᠶ᠎ᠡ ᠳᠤ ᠪᠠᠭ᠎ᠠ ᠰᠤᠷᠭᠠᠭᠤᠯᠢ ᠠᠴᠠ | ᠲᠡᠭᠦᠰᠦᠭᠰᠡᠨ ᠰᠤᠷᠤᠭᠴᠢᠳ ᠤᠨ ᠲᠤᠭ᠎ᠠ᠂ ᠴᠢᠨᠠᠷ ᠤᠨ ᠢᠯᠭᠠᠯ ᠤᠨ ᠬᠠᠷᠢᠴᠠᠯ᠂ ᠰᠤᠷᠤᠯᠴᠠᠯᠭ᠎ᠠ ᠶᠢᠨ ᠬᠢᠷᠢ | ᠲᠦᠪᠰᠢᠨ ᠵᠡᠷᠭᠡ ᠶᠢ ᠬᠠᠷᠢᠴᠠᠩᠭᠤᠶ ᠪᠠᠷ ᠲᠡᠩᠴᠡᠭᠦᠷᠢᠲᠡᠶ ᠪᠠᠶᠢᠯᠭᠠᠬᠤ ᠶᠢ ᠪᠠᠲᠤᠯᠠᠨ᠎ᠠ᠃ ᠪᠠᠶᠢᠷᠢ ᠳᠤ ᠰᠠᠭᠤᠭ᠎ᠠ | ᠰᠤᠷᠤᠭᠴᠢ ᠲᠠᠢ ᠰᠤᠷᠭᠠᠭᠤᠯᠢ ᠪᠣᠯ ᠶᠠᠪᠤᠵᠤ ᠰᠤᠷᠤᠯᠴᠠᠬᠤ ᠠᠩᠭᠢ ᠪᠠ ᠬᠤᠨᠣᠬᠤ ᠠᠩᠭᠢ ᠭᠡᠵᠦ ᠬᠤᠶᠠᠷ | ᠲᠥᠷᠥᠯ ᠤᠨ ᠠᠩᠭᠢ ᠶᠢ ᠲᠤᠰ ᠲᠤᠰ ᠱᠠᠭᠠᠷᠳᠠᠯᠭ᠎ᠠ ᠶᠣᠰᠣᠭᠠᠷ ᠠᠩᠭᠢ ᠬᠤᠪᠢᠶᠠᠨ᠎ᠠ᠃ ᠡᠭᠦᠨ ᠳᠤ᠂ | ᠰᠤᠷᠭᠠᠭᠤᠯᠢ ᠳᠤ ᠵᠡᠷᠭᠡᠪᠡᠷ ᠣᠷᠣᠭᠰᠠᠨ ᠢᠬᠡᠷ᠎ᠡ ᠪᠠ ᠣᠯᠠᠨ ᠬᠡᠦᠬᠡᠳ ᠲᠠᠢ ᠪᠣᠯ ᠭᠡᠷ ᠤᠨ ᠠᠬᠠᠮᠠᠳ ᠤᠨ | ᠬᠦᠰᠡᠯ ᠢ ᠨᠢ ᠦᠨᠳᠦᠰᠦᠯᠡᠨ ᠠᠳᠠᠯᠢ ᠨᠢᠭᠡᠨ ᠠᠩᠭᠢ ᠳᠤ ᠬᠤᠪᠢᠶᠠᠨ ᠥᠭᠴᠦ ᠪᠣᠯᠤᠨ᠎ᠠ᠃ | ᠠᠩᠬᠢ ᠬᠤᠪᠢᠶᠠᠵᠦ ᠳᠠᠭᠤᠰᠤᠭᠰᠠᠨ ᠤ ᠳᠠᠷᠠᠭ᠎ᠠ᠂ ᠠᠩᠬᠢ ᠶᠢᠨ ᠡᠷᠬᠢᠯᠡᠭᠴᠢ ᠠᠴᠠ ᠠᠩᠬᠢ ᠶᠢᠨ ᠨᠣᠮᠧᠷ ᠢ | ᠳᠠᠰᠢᠷᠠᠮ ᠢᠶᠠᠷ ᠰᠤᠩᠭᠤᠵᠦ᠂ ᠵᠢᠭᠠᠨ ᠰᠤᠷᠭᠠᠬᠤ ᠠᠩᠬᠢ ᠶᠢ ᠲᠤᠭᠳᠠᠭᠠᠳᠠᠭ᠃ ᠠᠩᠭᠢ ᠬᠤᠪᠢᠶᠠᠭᠰᠠᠨ ᠦᠷ᠎ᠡ | ᠳ᠋ᠦᠩ ᠢ ᠠᠩᠭᠢ ᠶᠢᠨ ᠡᠷᠬᠢᠯᠡᠭᠴᠢ ᠪᠠ ᠲᠤᠬᠠᠶ ᠶᠢᠨ ᠲᠠᠯᠠᠪᠤᠷ ᠲᠤ ᠬᠢᠨᠠᠯᠲᠠ ᠲᠠᠯᠪᠢᠵᠤ ᠡᠯ᠎ᠡ ᠡᠲᠡᠭᠡᠳ ᠤᠨ ᠬᠥᠮᠦᠰ | ᠭᠠᠷ ᠤᠨ ᠥᠰᠥᠭ ᠵᠢᠷᠤᠵᠤ ᠨᠤᠲᠠᠯᠠᠨ᠂ ᠰᠤᠷᠭᠠᠭᠤᠯᠢ ᠶᠢᠨ ᠵᠠᠬᠢᠷᠤᠯ ᠭᠠᠷ ᠤᠨ ᠥᠰᠥᠭ ᠵᠢᠷᠤᠵᠤ ᠠᠯᠪᠠᠨ | ᠲᠠᠮᠠᠭ᠎ᠠ ᠪᠠᠨ ᠳᠠᠷᠤᠭᠰᠠᠨ ᠤ ᠳᠠᠷᠠᠭ᠎ᠠ᠂ ᠨᠢᠭᠡ ᠬᠤᠪᠢ ᠰᠤᠷᠭᠠᠭᠤᠯᠢ ᠳᠤ ᠦᠯᠡᠳᠡᠭᠡᠨ ᠬᠠᠳᠠᠭᠠᠯᠠᠵᠤ᠂ ᠨᠢᠭᠡ | ᠬᠤᠪᠢ ᠶᠢ ᠢᠯᠡ ᠨᠡᠶᠢᠲᠡᠯᠡᠬᠦ ᠳᠤ ᠬᠡᠷᠡᠭᠯᠡᠵᠦ᠂ ᠨᠢᠭᠡ ᠬᠤᠪᠢ ᠶᠢ ᠬᠤᠰᠢᠭᠤᠨ ᠤ ᠰᠣᠷᠣᠭᠴᠢ ᠡᠯᠰᠡᠬᠦ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠦᠨ ᠳᠠᠩᠰᠠᠯᠠᠭᠤᠯᠤᠨ᠎ᠠ᠃ | ᠲᠠᠪᠤ᠂ ᠰᠤᠷᠤᠭᠴᠢ ᠡᠯᠰᠡᠬᠦ ᠴᠠᠭ ᠵᠢᠴᠢ ᠲᠣᠬᠢᠷᠠᠭᠤᠯᠤᠯᠲᠠ | ︵ᠨᠢᠭᠡ︶ 4 ᠳ᠋ᠤᠭᠡᠷ ᠰᠠᠷ᠎ᠠ ᠳᠤ ᠰᠤᠷᠤᠭᠴᠢ ᠶᠢᠨ ᠢᠷᠡᠯᠲᠡ ᠶᠢᠨ ᠪᠠᠶᠢᠳᠠᠯ ᠢ ᠣᠶᠢᠯᠠᠭᠠᠵᠤ ᠵᠢᠭᠰᠠᠭᠠᠨ | ᠪᠠᠶᠢᠴᠠᠭᠠᠬᠤ ᠵᠢᠴᠢ ᠤᠷᠢᠳᠴᠢᠯᠠᠨ ᠮᠡᠳᠡᠭᠡᠯᠡᠬᠦ ᠨᠡᠷ᠎ᠡ᠃ | ︵ᠬᠤᠶᠠᠷ︶ 5 ᠳ᠋ᠤᠭᠠᠷ ᠰᠠᠷ᠎ᠠ ᠳᠤ ᠰᠤᠷᠤᠭᠴᠢ ᠡᠯᠰᠡᠬᠦ ᠲᠥᠰᠦᠯ ᠢ ᠲᠣᠭᠲᠠᠭᠠᠬᠤ ᠶᠢᠨ ᠬᠠᠮᠲᠤ ᠨᠡᠶᠢᠭᠡᠮ ᠳᠤ | ᠨᠡᠶᠢᠲᠡᠯᠡᠨ᠎ᠡ᠃ | ︵ᠭᠤᠷᠪᠠ︶ 6 ᠰᠠᠷ᠎ᠠ ᠳᠤ ᠪᠦᠬᠦ ᠬᠤᠰᠢᠭᠤᠨ ᠤ ᠰᠤᠷᠤᠭᠴᠢ ᠡᠯᠰᠡᠬᠦ ᠠᠵᠢᠯ ᠤᠨ ᠬᠠᠮᠲᠤᠷᠠᠭᠰᠠᠨ ᠬᠤᠷᠠᠯ | ᠬᠤᠷᠠᠯᠳᠤᠭᠤᠯᠵᠤ᠂ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ | ︵ᠲᠦᠷᠪᠡ︶ 7 ᠰᠠᠷ᠎ᠠ ᠶᠢᠨ ᠰᠡᠬᠦᠯᠴᠢ ᠪᠠᠷ ᠪᠠᠭ᠎ᠠ ᠰᠤᠷᠭᠠᠭᠤᠯᠢ᠂ ᠠᠩᠬ᠎ᠠ ᠵᠡᠷᠬᠡ ᠶᠢᠨ ᠳᠤᠮᠳᠠᠳᠤ | ᠰᠤᠷᠭᠠᠭᠤᠯᠢ ᠳᠤ ᠡᠯᠰᠡᠬᠦ ᠠᠵᠢᠯ ᠢ ᠪᠡᠶᠡᠯᠡᠬᠦᠯᠪᠡ᠃ | ︵ᠲᠠᠪᠤ︶ 8 ᠰᠠᠷ᠎ᠠ ᠶᠢᠨ 20 ᠤ ᠡᠳᠦᠷ ᠠᠴᠠ ᠡᠮᠦᠨ᠎ᠡ ᠲᠡᠩᠴᠡᠪᠦᠷᠢ ᠲᠠᠢ ᠠᠩᠭᠢ ᠬᠤᠪᠢᠶᠠᠬᠤ ᠶᠢ | ᠪᠡᠶᠡᠯᠡᠭᠦᠯᠦᠨ᠎ᠡ᠃ | ᠵᠢᠷᠭᠤᠭ᠎ᠠ᠂ ᠬᠠᠮᠢᠶ᠎ᠠ ᠪᠦᠬᠦᠢ ᠲᠣᠭᠲᠠᠭᠠᠯ | ︵ᠨᠢᠭᠡ︶ ᠡᠷᠦᠬᠡ ᠠᠮᠠ ᠶᠢᠨ ᠬᠠᠷᠢᠶᠠᠨ ᠤ ᠱᠠᠭᠠᠷᠳᠠᠯᠭ᠎ᠠ᠃ ᠰᠤᠷᠭᠠᠭᠤᠯᠢ ᠶᠢᠨ ᠲᠣᠭᠤᠷᠢᠭ ᠤᠨ ᠳᠣᠲᠣᠷᠠᠬᠢ | ᠡᠷᠦᠬᠡ ᠠᠮᠠ ᠶᠢᠨ ᠨᠡᠭᠦᠵᠦ ᠣᠷᠣᠬᠤ ᠬᠤᠭᠤᠴᠠᠭ᠎ᠠ ᠨᠢ ᠪᠦᠬᠦᠯᠢ ᠨᠢᠭᠡ ᠵᠢᠯ ᠪᠣᠯᠣᠨ᠎ᠠ᠂ ᠳᠠᠷᠤᠢ 2023 ᠣᠨ ᠤ 9 | ᠰᠠᠷ᠎ᠠ ᠶᠢᠨ 1 ᠤ ᠡᠳᠦᠷ ᠠᠴᠠ ᠡᠮᠦᠨ᠎ᠡ ᠪᠣᠯᠣᠨ᠎ᠠ᠃ ᠬᠡᠷᠪᠡ ᠰᠤᠷᠭᠠᠭᠤᠯᠢ ᠳᠤ ᠣᠷᠣᠬᠤ ᠬᠡᠦᠬᠡᠳ ᠨᠢ ︽ᠭᠠᠭᠴᠠ | ᠬᠥᠮᠥᠨ ᠤ ᠡᠷᠦᠬᠡ︾ ᠪᠤᠶᠤ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠠᠴᠠ ᠪᠤᠰᠤᠳ ᠬᠥᠮᠥᠨ ᠤ ᠡᠷᠦᠬᠡ | ᠠᠮᠠ ᠪᠠᠶᠢᠪᠠᠯ᠂ ᠡᠷᠦᠬᠡ ᠠᠮᠠ ᠨᠢ ᠰᠤᠷᠭᠠᠭᠤᠯᠢ ᠳᠤ ᠣᠷᠣᠬᠤ ᠦᠨᠳᠦᠰᠦᠯᠡᠯ ᠪᠣᠯᠬᠤ ᠦᠭᠡᠢ᠂ ᠬᠡᠷᠪᠡ ᠪᠤᠰᠤᠳ | ᠨᠥᠬᠦᠴᠡᠯ ᠨᠢ ᠴᠦ 5 ᠡᠷᠳᠡᠮ ᠤᠨ ᠴᠣᠯᠠ ᠶᠢᠨ ᠲᠥᠷᠥᠯ ᠬᠡᠯᠪᠡᠷᠢ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠳᠤ | ᠨᠡᠶᠢᠴᠡᠬᠦ ᠦᠭᠡᠢ ᠪᠣᠯ᠂ ᠬᠤᠰᠢᠭᠤᠨ ᠰᠤᠷᠤᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠠᠴᠠ ᠰᠤᠷᠤᠭᠴᠢ ᠡᠯᠰᠡᠬᠦ ᠠᠵᠢᠯ ᠳᠠᠭᠤᠰᠤᠭᠰᠠᠨ ᠤ ᠳᠠᠷᠠᠭ᠎ᠠ᠂ ᠡᠯ᠎ᠡ ᠰᠤᠷᠭᠠᠭᠤᠯᠢ ᠶᠢᠨ ᠡᠷᠳᠡᠮ ᠤᠨ | ᠴᠣᠯᠠ ᠶᠢᠨ ᠦᠯᠡᠳᠡᠭᠰᠡᠨ ᠪᠠᠶᠢᠳᠠᠯ ᠢ ᠦᠨᠳᠦᠰᠦᠯᠡᠨ ᠨᠢᠭᠡᠳᠦᠯᠲᠡᠢ ᠲᠣᠬᠢᠷᠠᠭᠤᠯᠤᠨ ᠰᠤᠷᠭᠠᠭᠤᠯᠢ ᠳᠤ ᠣᠷᠣᠭᠤᠯᠤᠨ᠎ᠠ᠃ | | ︵ᠬᠤᠶᠠᠷ︶ ᠭᠡᠷ ᠬᠥᠷᠥᠩᠭᠡ ᠶᠢᠨ ᠱᠠᠭᠠᠷᠳᠠᠯᠭ᠎ᠠ᠃ ᠭᠡᠷ ᠪᠠᠶᠢᠰᠢᠩ ᠨᠢ ᠪᠣᠳᠠᠲᠠᠢ ᠣᠷᠣᠵᠤ ᠰᠠᠭᠤᠬᠤ ᠪᠠᠷ | ᠪᠠᠷᠢᠮᠵᠢᠶ᠎ᠠ ᠪᠣᠯᠭᠠᠵᠤ᠂ ᠭᠡᠷ ᠪᠠᠶᠢᠰᠢᠩ ᠬᠤᠳᠠᠯᠳᠤᠨ ᠠᠪᠬᠤ ᠴᠠᠭ ᠨᠢ 2024 ᠣᠨ ᠤ 6 ᠰᠠᠷ᠎ᠠ ᠶᠢᠨ 1 ᠤ | ᠡᠳᠦᠷ ᠠᠴᠠ ᠡᠮᠦᠨ᠎ᠡ︔ ᠭᠡᠷ ᠪᠠᠢᠱᠢᠩ ᠤᠨ ᠥᠮᠴᠢᠯᠡᠬᠦ ᠡᠷᠬᠡ ᠶᠢᠨ ᠬᠠᠷᠢᠴᠠᠯ ᠨᠢ 50% ᠵᠢᠴᠢ ᠲᠡᠭᠦᠨ ᠠᠴᠠ | ᠳᠡᠭᠡᠭᠱᠢ ᠪᠠᠢᠨ᠎ᠠ︔ ᠨᠢᠭᠡᠨᠲᠡ ᠣᠷᠣᠵᠤ ᠰᠠᠭᠤᠭᠰᠠᠨ ᠪᠣᠯᠪᠠᠴᠤ ᠭᠡᠷ ᠬᠥᠷᠥᠩᠭᠡ ᠶᠢᠨ ᠦᠨᠡᠮᠯᠡᠯ ᠢᠶᠠᠨ | ᠪᠠᠷᠢᠴᠠᠭᠠᠯᠠᠭᠰᠠᠨ ᠪᠠᠢᠪᠠᠯ᠂ ᠭᠡᠷ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠵᠦ ᠦᠭᠭᠦᠭᠰᠡᠨ ᠭᠡᠷ | ᠬᠥᠷᠥᠩᠭᠡ ᠶᠢᠨ ᠭᠡᠷᠡᠴᠢ ᠬᠠᠩᠭᠠᠬᠤ ᠬᠡᠷᠡᠭᠲᠡᠢ︔ ᠭᠡᠷ ᠪᠠᠢᠱᠢᠩ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ | ᠵᠦᠢᠯ ᠨᠢ ᠭᠡᠷ ᠪᠠᠢᠱᠢᠩ ᠬᠤᠳᠠᠯᠳᠤᠨ ᠠᠪᠬᠤ ᠵᠢᠩᠬᠢᠨᠢ ᠭᠡᠷ᠎ᠡ ᠦᠭᠡᠢ ᠪᠣᠯ 2023 — 2024 ᠣᠨ ᠤ ᠤᠰᠤ᠂ | ᠴᠠᠬᠢᠯᠭᠠᠨ᠂ ᠶᠡᠭᠡ ᠬᠠᠯᠠᠭᠤᠨ ᠰᠦᠢᠳᠭᠡᠯ ᠲᠤᠱᠢᠶᠠᠬᠤ ᠵᠢᠩᠬᠢᠨᠢ ᠪᠠᠷᠢᠮᠲᠠ ᠨᠢ ᠲᠤᠰ ᠪᠦᠷᠢ 1 ᠬᠠᠭᠤᠳᠠᠰᠤ︔ | ᠬᠢᠮᠳᠠ ᠲᠦᠷᠢᠶᠡᠰᠦᠲᠦ ᠭᠡᠷ ᠪᠠᠢᠱᠢᠩ ᠪᠤᠶᠤ ᠨᠡᠢᠲᠡ ᠶᠢᠨ ᠲᠦᠷᠢᠶᠡᠰᠦᠨ ᠭᠡᠷ ᠨᠢ ᠭᠡᠷ ᠬᠥᠷᠥᠩᠭᠡ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠠᠷᠭᠠᠭᠰᠠᠨ ᠣᠷᠣᠨ ᠰᠠᠭᠤᠴᠠ ᠶᠢᠨ ᠭᠡᠷᠡᠴᠢ ᠬᠠᠩᠭᠠᠬᠤ ᠬᠡᠷᠡᠭᠲᠡᠢ᠃ | ᠬᠤᠳᠠᠯᠳᠤᠭᠠᠨ ᠳᠤ ᠬᠡᠷᠡᠭᠯᠡᠬᠦ ᠭᠡᠷ ᠢ ᠣᠷᠣᠨ ᠰᠠᠭᠤᠴᠠ ᠳᠤ ᠬᠡᠷᠡᠭᠯᠡᠬᠦ ᠭᠡᠷ ᠭᠡᠵᠦ ᠦᠵᠡᠬᠦ ᠦᠭᠡᠢ᠂ ᠡᠶᠢᠮᠦ ᠠᠴᠠ | ᠰᠤᠷᠭᠠᠭᠤᠯᠢ ᠳᠤ ᠣᠷᠣᠬᠤ ᠶᠢᠨ ᠦᠨᠳᠦᠰᠦ ᠪᠠᠷᠢᠮᠲᠠ ᠪᠣᠯᠭᠠᠵᠤ ᠪᠣᠯᠬᠤ ᠦᠭᠡᠢ᠃ | ︵ᠭᠤᠷᠪᠠ᠂ ᠠᠰᠠᠷᠠᠨ ᠬᠠᠷᠠᠭᠠᠯᠵᠠᠬᠤ ᠡᠲᠡᠭᠡᠳ ᠵᠢᠴᠢ ᠮᠡᠳᠡᠭᠦᠯᠬᠦ ᠱᠠᠭᠠᠷᠳᠠᠯᠭ᠎ᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠬᠥᠮᠦᠨ ᠤ ᠦᠷ᠎ᠡ ᠬᠡᠤᠬᠡᠳ ᠤᠨ ᠰᠤᠷᠭᠠᠨ ᠬᠥᠮᠦᠵᠢᠯ ᠤᠨ | ᠬᠠᠷᠠᠭᠠᠯᠵᠠᠯ ᠤᠨ ᠨᠠᠷᠢᠨ ᠲᠦᠷᠢᠮ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠵᠠᠰᠠᠭ ﹇2020﹈ 194 | ᠳ᠋ᠦ᠋ᠭᠡᠷ ᠲᠣᠭᠠᠲᠤ︶᠂ ︽ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠩᠯᠢᠶᠣᠤ ᠬᠤᠲᠠ ᠶᠢᠨ ᠬᠤᠷᠢᠶ᠎ᠠ ᠶᠢᠨ | ᠠᠯᠪᠠᠨ ᠲᠢᠩᠬᠢᠮ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | ᠲᠦᠩᠯᠢᠶᠣᠤ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠦᠷ᠎ᠡ ᠬᠡᠤᠬᠡᠳ ᠤᠨ | ᠰᠤᠷᠭᠠᠨ ᠬᠥᠮᠦᠵᠢᠯ ᠤᠨ ᠬᠠᠷᠠᠭᠠᠯᠵᠠᠯ ᠤᠨ ᠠᠵᠢᠯ ᠤᠨ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ | ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ︶ ᠦᠷᠡᠭᠳᠡᠭᠰᠡᠨ ᠪᠠᠭᠠᠲᠤᠷ ᠤᠨ ᠦᠷ᠎ᠡ ᠬᠡᠤᠬᠡᠳ᠂ ᠠᠯᠪᠠ | ᠬᠠᠭᠠᠵᠤ ᠪᠠᠶᠢᠭ᠎ᠠ ᠴᠡᠷᠢᠭ ᠤᠨ ᠦᠷ᠎ᠡ ᠬᠡᠤᠬᠡᠳ᠂ ᠵᠡᠮᠳᠡᠭ ᠴᠡᠷᠢᠭ ᠴᠠᠭᠳᠠᠭ᠎ᠠ ᠶᠢᠨ ᠦᠷ᠎ᠡ ᠬᠡᠤᠬᠡᠳ᠂ ᠳᠡᠭᠡᠳᠦ ᠲᠠᠰ | ᠳᠠᠪᠬᠤᠷᠭ᠎ᠠ ᠶᠢᠨ ᠴᠢᠳᠠᠪᠤᠷᠢᠲᠠᠨ ᠤ ᠦᠷ᠎ᠡ ᠬᠡᠤᠬᠡᠳ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠴᠢᠬᠤᠯᠠ | ᠶᠡᠭᠡ ᠠᠵᠤ ᠠᠬᠤᠶᠢᠯᠠᠯᠲᠠᠨ ᠤ ᠦᠷ᠎ᠡ ᠬᠡᠤᠬᠡᠳ ᠵᠡᠷᠭᠡ ᠠᠰᠠᠷᠠᠨ ᠬᠠᠷᠠᠭᠠᠯᠵᠠᠬᠤ ᠡᠲᠡᠭᠡᠳ ᠨᠢ ᠬᠠᠷᠢᠴᠠᠩᠭᠤᠶ ᠣᠶᠢᠷ᠎ᠠ | ᠬᠠᠪᠢ ᠶᠢᠨ᠂ ᠰᠤᠷᠤᠭᠰᠠᠨ ᠦᠯᠡᠳᠡᠪᠦᠷᠢ ᠲᠠᠢ᠂ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠦᠷ᠎ᠡ ᠬᠡᠤᠬᠡᠳ ᠢ | ᠰᠣᠩᠭᠤᠵᠤ ᠪᠣᠯᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠬᠠᠩᠭᠠᠵᠤ᠂ ᠰᠦᠯᠵᠢᠶᠡᠨ ᠳᠡᠭᠡᠷ᠎ᠡ ᠨᠡᠷ᠎ᠡ | ᠮᠡᠳᠡᠭᠦᠯᠬᠦ ᠠᠴᠠ ᠡᠮᠦᠨ᠎ᠡ ᠬᠠᠮᠢᠶ᠎ᠠ ᠪᠥᠬᠦᠶ ᠮᠠᠲ᠋ᠧᠷᠢᠶᠠᠯ ᠢᠶᠠᠨ ᠬᠤᠰᠢᠭᠤᠨ ᠤ ᠰᠣᠷᠣᠭᠴᠢ ᠡᠯᠰᠡᠬᠦ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠲᠤᠰᠢᠶᠠᠵᠤ᠂ ᠨᠥᠬᠦᠴᠡᠯ ᠳᠤ ᠨᠡᠶᠢᠴᠡᠬᠦ ᠶᠢ ᠨᠢ ᠨᠢᠭᠡᠳᠦᠭᠡᠷ | ᠪᠦᠯᠦᠭ ᠤᠳᠠᠭ᠎ᠠ ᠪᠠᠷ ᠵᠣᠬᠢᠴᠠᠩᠭᠤᠶ ᠰᠤᠷᠭᠠᠭᠤᠯᠢ ᠠᠴᠠ ᠡᠯᠰᠡᠵᠦ ᠪᠣᠯᠤᠨ᠎ᠠ᠃ | ︵ᠳᠥᠷᠪᠡ᠂ ᠬᠥᠮᠦᠨ ᠠᠮᠠ ᠶᠢᠨ ᠲᠣᠬᠢᠷᠠᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠳᠡᠮᠵᠢᠨ᠎ᠡ᠃ ᠭᠡᠷ ᠤᠨ | ᠠᠬᠠᠮᠠᠳ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠵᠦ᠂ ᠬᠤᠶᠠᠷ ᠬᠡᠦᠬᠡᠳ ᠪᠣᠯᠣᠨ ᠭᠤᠷᠪᠠᠨ ᠬᠡᠦᠬᠡᠳ | ᠰᠤᠷᠭᠠᠭᠤᠯᠢ ᠳᠤ ᠣᠷᠣᠬᠤ ᠳᠤ ᠵᠣᠬᠢᠬᠤ ᠬᠠᠷᠠᠭᠠᠯᠵᠠᠯ ᠦᠵᠡᠭᠦᠯᠦᠨ᠎ᠡ᠃ ᠰᠤᠷᠭᠠᠭᠤᠯᠢ ᠶᠢᠨ ᠬᠡᠰᠡᠭ ᠬᠤᠪᠢᠶᠠᠬᠤ | ᠬᠤᠪᠢᠷᠠᠯᠳᠠ ᠠᠴᠠ ᠪᠤᠯᠵᠤ ᠬᠤᠶᠠᠷ ᠬᠡᠣᠬᠡᠳ ᠭᠤᠷᠪᠠᠨ ᠬᠡᠣᠬᠡᠳ ᠠᠳᠠᠯᠢ ᠨᠢᠭᠡ ᠰᠣᠷᠬᠤ ᠰᠣᠷᠬᠤ ᠠᠬ᠎ᠠ ︵ᠡᠭᠡᠴᠢ︶ | ᠪᠠᠷ ᠨᠢᠭᠡ ᠰᠣᠷᠬᠤ ᠪᠠᠶᠢᠳᠠᠯ ᠢ ᠰᠣᠩᠭᠤᠵᠣ ᠪᠣᠯᠬᠤ ᠦᠭᠡᠢ ᠦᠶ᠎ᠡ ᠳᠤ᠂ ᠠᠬ᠎ᠠ ︵ᠡᠭᠡᠴᠢ︶ ᠰᠣᠷᠭᠠᠭᠤᠯᠢ | ᠰᠣᠩᠭᠤᠬᠤ ᠦᠭᠡᠢ ᠪᠣᠯ ᠰᠣᠷᠭᠠᠭᠤᠯᠢ ᠳᠤ ᠣᠷᠣᠬᠤ ᠦᠭᠡᠢ ᠣᠷᠢᠳᠠᠯ ᠲᠣᠣᠷ᠎ᠠ ᠲᠡᠭᠦᠨ ᠤ ᠬᠢᠨᠠᠨ | ᠬᠠᠮᠠᠭᠠᠯᠠᠭᠴᠢ ᠠᠴᠠ ᠭᠤᠶᠤᠴᠢᠯᠠᠯ ᠭᠠᠷᠭᠠᠵᠣ᠂ ᠬᠤᠶᠠᠷ ᠬᠡᠣᠬᠡᠳ ᠭᠤᠷᠪᠠᠨ ᠬᠡᠣᠨ ᠢᠶᠠᠨ ᠵᠠᠷᠴᠢᠮ ᠳᠡᠭᠡᠷ᠎ᠡ ᠪᠠᠨ | ᠲᠡᠭᠦᠨ ᠤ ᠰᠤᠷᠤᠯᠴᠠᠵᠤ ᠪᠠᠶᠢᠭ᠎ᠠ ᠠᠬ᠎ᠠ ︵ᠡᠭᠡᠴᠢ︶ ᠳᠤ ᠲᠣᠬᠢᠷᠠᠭᠤᠯᠣᠨ᠎ᠠ᠃︶ ᠨᠢᠭᠡ ᠰᠤᠷᠭᠠᠭᠤᠯᠢ ᠳᠤ | ᠰᠤᠷᠤᠯᠴᠠᠵᠤ᠃ | ︵ᠲᠠᠪᠤ︶ ︽ᠵᠢᠵᠢᠭ ᠬᠤᠭᠤᠯᠠᠨ ᠰᠢᠷᠡᠭᠡ︾ ᠶᠢᠨ ᠠᠵᠢᠯ ᠲᠥᠷᠥᠯ ᠤᠨ ᠠᠵᠢᠯᠯᠠᠭ᠎ᠠ ᠶᠢ ᠵᠢᠷᠤᠮᠵᠢᠭᠤᠯᠤᠨ᠎ᠠ᠃ | ᠡᠯ᠎ᠡ ᠬᠠᠮᠢᠶ᠎ᠠ ᠪᠦᠬᠦᠢ ᠨᠢᠭᠡᠴᠡ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠡᠷᠦᠬᠡ ᠳᠤ ᠣᠷᠣᠵᠤ | ᠬᠢᠨᠠᠨ ᠪᠠᠶᠢᠴᠠᠭᠠᠵᠤ᠂ ᠬᠤᠲᠠ ᠳᠤ ᠣᠷᠣᠵᠤ ᠬᠦᠴᠦ ᠶᠠᠪᠤᠵᠤ ᠬᠤᠳᠠᠯᠳᠤᠭ᠎ᠠ ᠡᠷᠬᠢᠯᠡᠵᠦ ᠪᠠᠶᠢᠭ᠎ᠠ ᠬᠥᠮᠦᠰ ᠤᠨ | ᠦᠷ᠎ᠡ ᠬᠡᠤᠬᠡᠳ ᠤᠨ ᠨᠡᠷ᠎ᠡ ᠪᠠᠷ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ᠂ ︽ᠵᠢᠵᠢᠭ ᠬᠤᠭᠤᠯᠠᠨ ᠰᠢᠷᠡᠭᠡ︾ | ᠶᠢᠨ ᠰᠥᠨᠢ ᠪᠠᠷ ᠬᠤᠨᠣᠵᠤ ᠪᠠᠶᠢᠭ᠎ᠠ ᠰᠤᠷᠤᠭᠴᠢᠳ ᠪᠠᠶᠢᠴᠠᠭᠠᠨ ᠳᠣᠲᠣᠯᠠᠮᠠᠭᠴᠠ ᠲᠡᠭᠦᠨ ᠢ ᠵᠠᠷᠯᠢᠭᠳᠠᠵᠤ ᠪᠠᠶᠢᠭᠠᠳ | ᠤᠤᠯ ᠤᠨ ᠰᠤᠷᠭᠠᠭᠤᠯᠢ ᠶᠢᠨ ᠲᠣᠭᠤᠷᠢᠭ ᠲᠤ ᠪᠠᠨ ᠪᠤᠴᠠᠭᠠᠯᠭᠠᠨ᠎ᠠ᠃ | ︵ᠵᠢᠷᠭᠤᠭ᠎ᠠ︶ ᠰᠤᠷᠭᠠᠭᠤᠯᠢ ᠰᠢᠯᠵᠢᠭᠦᠯᠬᠦ ᠳᠦᠷᠢᠮ ᠢ ᠵᠢᠷᠤᠮᠵᠢᠭᠤᠯᠤᠨ᠎ᠠ᠃ ᠨᠡᠷᠡᠨ ᠤ ᠭᠡᠷᠡᠯ ᠤᠨ ᠰᠣᠷᠣᠭᠴᠢ | ᠡᠯᠰᠡᠭᠰᠡᠨ ᠤ ᠳᠠᠷᠠᠭ᠎ᠠ᠂ ᠵᠠᠷᠴᠢᠮ ᠳᠡᠭᠡᠷ᠎ᠡ ᠪᠠᠨ ᠭᠠᠨᠵᠤᠭ᠎ᠠ ᠪᠠᠯᠭᠠᠰᠤᠨ ᠤ ᠳᠣᠲᠣᠷᠠᠬᠢ ᠰᠤᠷᠭᠠᠭᠤᠯᠢ ᠶᠢᠨ | ᠬᠤᠭᠤᠷᠣᠨᠳᠣ ᠬᠡᠷ ᠪᠠᠶᠢᠰᠢᠩ ᠬᠤᠳᠠᠯᠳᠤᠨ ᠠᠪᠬᠤ ᠪᠤᠶᠤ ᠡᠷᠦᠬᠡ ᠠᠮᠠ ᠶᠢᠨ ᠲᠠᠩᠰᠠ ᠪᠠᠨ ᠨᠡᠭᠦᠯᠭᠡᠬᠦ ᠵᠡᠷᠭᠡ | ᠰᠢᠯᠲᠠᠭᠠᠨ ᠢᠶᠠᠷ ᠰᠤᠷᠭᠠᠭᠤᠯᠢ ᠰᠢᠯᠵᠢᠬᠦ ᠥᠬᠡᠶ︔ ᠭᠠᠳᠠᠷ ᠣᠷᠣᠨ ᠠᠴᠠ ᠰᠢᠯᠵᠢᠭᠦᠯᠦᠨ ᠣᠷᠣᠭᠤᠯᠤᠭᠰᠠᠨ ᠪᠠᠶᠢᠪᠠᠯ᠂ | ᠰᠤᠷᠭᠠᠭᠤᠯᠢ ᠡᠬᠢᠯᠡᠬᠦ ᠠᠴᠠ ᠡᠮᠦᠨ᠎ᠡ ᠨᠢᠭᠡ ᠭᠠᠷᠠᠭ ᠠᠴᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠰᠣᠷᠣᠭᠴᠢ ᠶᠢᠨ ᠡᠷᠦᠬᠡ ᠠᠮᠠ ᠶᠢᠨ ᠲᠠᠩᠰᠠ ᠪᠠ ᠬᠡᠷ ᠬᠥᠷᠥᠩᠭᠡ ᠵᠡᠷᠭᠡ ᠮᠡᠳᠡᠭᠡ ᠵᠠᠩᠭᠢ ᠶᠢ | ᠦᠨᠳᠦᠰᠦᠯᠡᠨ ᠣᠶᠢᠷ᠎ᠠ ᠬᠠᠪᠢ ᠶᠢᠨ ᠡᠷᠳᠡᠮ ᠤᠨ ᠴᠣᠯᠠ ᠭᠥᠷᠳᠡᠭᠰᠡᠨ ᠰᠤᠷᠭᠠᠭᠤᠯᠢ ᠳᠤ ᠳᠣᠭᠢᠷᠠᠭᠤᠯᠤᠨ | ᠰᠤᠷᠤᠯᠴᠠᠭᠤᠯᠵᠤ᠂ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠬᠤᠭᠤᠰᠣᠨ ᠪᠣᠯᠤᠭᠰᠠᠨ ᠡᠷᠳᠡᠮ ᠤᠨ ᠴᠣᠯᠠ ᠶᠢᠨ | ᠲᠤᠭ᠎ᠠ ᠠᠴᠠ ᠬᠡᠲᠦᠷᠡᠭᠰᠡᠨ ᠰᠣᠷᠣᠭᠴᠢ ᠡᠯᠰᠡᠬᠦ ᠲᠦᠷᠢᠮ ᠤᠨ ᠡᠷᠳᠡᠮ ᠤᠨ ᠴᠣᠯᠠ ᠶᠢᠨ ᠲᠥᠷᠥᠯ ᠬᠡᠯᠪᠡᠷᠢ ᠪᠠᠷ | ᠳᠠᠷᠠᠭᠠᠯᠠᠭᠤᠯᠤᠨ ᠰᠤᠷᠤᠯᠴᠠᠵᠤ᠂ ᠬᠤᠭᠤᠰᠣᠨ ᠪᠣᠯᠤᠭᠰᠠᠨ ᠡᠷᠳᠡᠮ ᠤᠨ ᠴᠣᠯᠠ ᠶᠢᠨ ᠲᠤᠭ᠎ᠠ ᠠᠴᠠ ᠬᠡᠲᠦᠷᠡᠭᠰᠡᠨ | ᠰᠣᠷᠣᠭᠴᠢ ᠶᠢ ᠪᠤᠰᠤᠳ ᠰᠤᠷᠭᠠᠭᠤᠯᠢ ᠳᠤ ᠳᠣᠭᠢᠷᠠᠭᠤᠯᠤᠨ ᠰᠤᠷᠤᠯᠴᠠᠭᠤᠯᠵᠤ᠂ ᠡᠷᠳᠡᠮ ᠤᠨ ᠴᠣᠯᠠ ᠶᠢᠨ ᠲᠤᠭ᠎ᠠ ᠶᠢ | ᠲᠣᠰ ᠵᠢᠯ ᠤᠨ ᠰᠣᠷᠣᠭᠴᠢ ᠡᠯᠰᠡᠬᠦ ᠲᠥᠯᠥᠪᠯᠡᠭᠡ ᠶᠢᠨ ᠲᠤᠭ᠎ᠠ ᠪᠠᠷ ᠪᠠᠷᠢᠮᠵᠢᠶ᠎ᠠ ᠪᠣᠯᠭᠠᠨ᠎ᠠ᠃ | ᠳᠣᠯᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠰᠣᠷᠣᠭᠴᠢ | ᠡᠯᠰᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠥᠯᠥᠭᠡ᠂ ᠬᠤᠷᠴᠢᠨ | ᠵᠡᠭᠦᠨ ᠭᠠᠷᠤᠨ ᠬᠤᠶᠢᠲᠤ ᠬᠤᠰᠢᠭᠤᠨ ᠤ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ | ᠂ ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠰᠣᠷᠣᠭᠴᠢ ᠡᠯᠰᠡᠬᠦ ᠠᠵᠢᠯ ᠤᠨ | ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠢ ᠨᠢᠭᠡᠳᠦᠯᠲᠡᠶ ᠲᠥᠯᠥᠪᠯᠡᠨ ᠤᠳᠤᠷᠢᠳᠬᠤ ᠪᠠ | ᠬᠠᠮᠢᠶᠠᠷᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠳᠣᠲᠣᠭᠠᠳᠤ ᠶᠢ | ᠬᠠᠮᠠᠭᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ | ᠡᠷᠡᠭᠦᠯ ᠬᠠᠮᠠᠭᠠᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠪᠠ ᠵᠡᠭᠡᠯᠢ ᠭᠤᠳᠤᠮᠵᠢ ︵ᠰᠤᠮᠤ ᠪᠠᠯᠭᠠᠰᠤ︶᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠰᠤᠷᠭᠠᠭᠤᠯᠢ ᠲᠠᠢ ᠢᠳᠡᠪᠬᠢᠲᠡᠶ ᠬᠠᠮᠵᠢᠯᠴᠠᠨ | ᠰᠣᠷᠣᠭᠴᠢ ᠡᠯᠰᠡᠬᠦ ᠠᠵᠢᠯ ᠤᠨ ᠬᠠᠮᠢᠶ᠎ᠠ ᠪᠥᠬᠦᠶ ᠮᠡᠳᠡᠭᠡ ᠵᠠᠩᠭᠢ ᠴᠤᠭᠯᠠᠭᠤᠯᠬᠤ᠂ ᠭᠡᠷᠡᠴᠢᠯᠡᠬᠦ ᠮᠠᠲ᠋ᠧᠷᠢᠶᠠᠯ | ᠬᠠᠩᠭᠠᠬᠤ ᠵᠢᠴᠢ ᠬᠢᠨᠠᠨ ᠰᠢᠯᠭᠠᠬᠤ ᠵᠡᠷᠭᠡ ᠠᠵᠢᠯ ᠢ ᠰᠠᠶᠢᠲᠤᠷ ᠬᠢᠵᠦ᠂ ᠬᠠᠩᠭᠠᠭᠰᠠᠨ ᠬᠠᠮᠢᠶ᠎ᠠ ᠪᠥᠬᠦᠶ ᠭᠡᠷᠡᠴᠢᠯᠡᠬᠦ | ᠮᠠᠲ᠋ᠧᠷᠢᠶᠠᠯ ᠤᠨ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠡᠯ᠎ᠡ ᠰᠤᠷᠭᠠᠭᠤᠯᠢ ᠶᠢ ᠵᠣᠬᠢᠶᠠᠨ ᠪᠠᠶᠢᠭᠤᠯᠤᠨ | ᠰᠣᠷᠣᠭᠴᠢ ᠡᠯᠰᠡᠬᠦ ᠠᠵᠢᠯ ᠢ ᠪᠡᠶᠡᠯᠡᠭᠦᠯᠪᠡ᠃ ᠰᠤᠷᠤᠭᠴᠢ ᠡᠯᠰᠡᠬᠦ ᠠᠵᠢᠯ ᠤᠨ ᠬᠡᠷᠡᠭᠵᠢᠭᠦᠯᠬᠦ ᠲᠥᠰᠦᠯ ᠢ ᠴᠢᠩᠭ᠎ᠠ | ᠨᠠᠶᠢᠳᠠᠪᠤᠷᠢᠵᠢᠭᠤᠯᠵᠤ᠂ ᠰᠤᠷᠤᠭᠴᠢ ᠡᠯᠰᠡᠬᠦ ᠱᠠᠭᠠᠷᠳᠠᠯᠭ᠎ᠠ ᠶᠣᠰᠣᠭᠠᠷ ᠭᠡᠷ ᠤᠨ ᠠᠬᠠᠮᠠᠳ ᠠᠴᠠ ᠬᠠᠩᠭᠠᠭᠰᠠᠨ | ᠬᠦᠴᠦᠨ ᠪᠦᠬᠦᠢ ᠦᠨᠡᠮᠯᠡᠯ ᠳᠤ ᠬᠢᠷᠢ ᠭᠡᠮ ᠤᠨ ᠬᠢᠨᠠᠨ ᠪᠠᠶᠢᠴᠠᠭᠠᠯᠲᠠ ᠬᠢᠵᠦ᠂ ᠨᠥᠬᠦᠴᠡᠯ ᠳᠤ ᠨᠡᠶᠢᠴᠡᠬᠦ ᠣᠷᠣᠨ ᠤ | ᠳᠣᠲᠣᠷᠠᠬᠢ ᠲᠣᠬᠢᠷᠠᠬᠤ ᠨᠠᠰᠤᠨ ᠤ ᠬᠡᠦᠬᠡᠳ ᠢ ᠡᠯᠰᠡᠵᠦ ᠪᠣᠯᠬᠤ ᠦᠭᠡᠶ᠂ ᠣᠷᠣᠨ ᠠᠯᠤᠰᠯᠠᠨ ᠰᠤᠷᠤᠭᠴᠢ ᠡᠯᠰᠡᠵᠦ | ᠪᠣᠯᠬᠤ ᠦᠭᠡᠶ᠂ ᠲᠣᠬᠢᠷᠠᠬᠤ ᠨᠠᠰᠤᠨ ᠤ ᠬᠡᠦᠬᠡᠳ ᠢ ᠡᠯᠰᠡᠵᠦ ᠪᠣᠯᠬᠤ ᠦᠭᠡᠶ᠃ | ︵ᠬᠤᠶᠠᠷ︶ ᠰᠤᠷᠤᠭᠴᠢ ᠡᠯᠰᠡᠬᠦ ᠤᠬᠠᠭᠤᠯᠭ᠎ᠠ ᠶᠢᠨ ᠠᠵᠢᠯ ᠢ ᠰᠠᠶᠢᠲᠤᠷ ᠬᠢᠨ᠎ᠡ᠃ ᠬᠤᠰᠢᠭᠤᠨ ᠤ ᠰᠤᠷᠤᠭᠴᠢ | ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠠᠴᠠ ᠰᠤᠷᠤᠭᠴᠢ ᠡᠯᠰᠡᠬᠦ ᠲᠥᠰᠦᠯ᠂ ᠰᠤᠷᠭᠠᠭᠤᠯᠢ ᠶᠢᠨ | ᠲᠣᠭᠤᠷᠢᠭ ᠢ ᠬᠤᠪᠢᠶᠠᠷᠢᠯᠠᠬᠤ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ᠂ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠡᠶᠢᠲᠡ ᠶᠢᠨ ᠳ᠋ᠤᠭᠠᠷ ᠵᠡᠷᠭᠡ ᠵᠠᠰᠠᠭ ᠤᠨ | ᠶᠠᠪᠤᠳᠠᠯ ᠢ ᠢᠯᠡ ᠪᠣᠯᠭᠠᠬᠤ ᠲᠠᠪᠴᠠᠩ ᠳᠤ ᠢᠯᠡ ᠨᠡᠶᠢᠲᠡᠯᠡᠪᠡ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ | ᠨᠢᠭᠡᠴᠡ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠡᠯ᠎ᠡ | ᠰᠤᠷᠭᠠᠭᠤᠯᠢ ᠨᠤᠭᠤᠳ ᠰᠣᠨᠢᠨ ᠰᠡᠳᠬᠦᠯ᠂ ᠵᠠᠭᠤᠴᠢᠯᠠᠭᠤᠷ᠂ ᠬᠡᠷ ᠤᠨ ᠠᠬᠠᠮᠠᠳ ᠲᠤ ᠮᠡᠳᠡᠭᠳᠡᠬᠦ ᠪᠢᠴᠢᠭ ᠵᠡᠷᠭᠡ | ᠣᠯᠠᠨ ᠵᠦᠢᠯ ᠤᠨ ᠬᠡᠯᠪᠡᠷᠢ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠣᠷᠣᠭᠴᠢ | ᠡᠯᠰᠡᠬᠦ ᠪᠠ ᠲᠡᠩᠴᠡᠪᠦᠷᠢ ᠲᠠᠢ ᠠᠩᠭᠢ ᠬᠤᠪᠢᠶᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠵᠤ᠂ | ᠬᠡᠤᠬᠡᠳ ᠤᠨ ᠴᠡᠴᠡᠷᠯᠢᠭ ᠪᠠ ᠡᠯ᠎ᠡ ᠪᠠᠭ᠎ᠠ ᠰᠤᠷᠭᠠᠭᠤᠯᠢ ᠨᠢ ᠤᠳᠠᠯ ᠥᠬᠡᠶ ᠪᠠᠭ᠎ᠠ ᠰᠤᠷᠭᠠᠭᠤᠯᠢ ᠳᠤ ᠣᠷᠣᠬᠤ ᠭᠡᠵᠦ | ᠪᠠᠶᠢᠭ᠎ᠠ ᠰᠣᠷᠣᠭᠴᠢ ᠵᠢᠴᠢ ᠬᠡᠷ ᠤᠨ ᠠᠬᠠᠮᠠᠳ ᠲᠤ ᠭᠤᠤᠯᠳᠠᠯᠭ᠎ᠠ ᠲᠠᠢ ᠴᠢᠭᠯᠡᠭᠦᠯᠦᠨ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ᠂ ᠱᠠᠭᠠᠷᠳᠠᠯᠭ᠎ᠠ ᠶᠢ ᠡᠷᠦᠬᠡ | ᠪᠣᠯᠭᠠᠨ ᠳᠤ ᠮᠡᠳᠡᠭᠦᠯᠵᠦ᠂ ᠬᠥᠮᠦᠨ ᠪᠦᠬᠦᠨ ᠳᠤ ᠮᠡᠳᠡᠭᠦᠯᠵᠦ᠂ ᠪᠥᠬᠦ ᠨᠡᠶᠢᠭᠡᠮ ᠳᠤ ᠬᠠᠮᠲᠤ ᠶᠢᠨ ᠲᠠᠨᠢᠯᠲᠠ ᠲᠠᠢ | ᠪᠣᠯᠭᠠᠵᠤ᠂ ᠲᠣᠰ ᠠᠵᠢᠯ ᠤᠨ ᠬᠡᠷᠡᠭᠵᠢᠭᠦᠯᠦᠯᠲᠡ ᠶᠢ ᠬᠠᠮᠲᠤ ᠪᠠᠷ ᠳᠡᠮᠵᠢᠨ ᠬᠢᠨᠠᠯᠲᠠ ᠲᠠᠯᠪᠢᠵᠤ᠂ ᠰᠠᠶᠢᠨ ᠰᠠᠶᠢᠬᠠᠨ | ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ | ︵ᠭᠤᠷᠪᠠ᠂ ᠠᠩᠭᠢ ᠶᠢᠨ ᠲᠤᠭ᠎ᠠ ᠪᠣᠯᠤᠨ ᠠᠩᠭᠢ ᠶᠢᠨ ᠲᠤᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠡᠯ᠎ᠡ | ᠰᠤᠷᠭᠠᠭᠤᠯᠢ ᠨᠤᠭᠤᠳ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠠᠭᠤᠯᠭᠠᠭᠰᠠᠨ ᠲᠥᠯᠥᠪᠯᠡᠭᠡ ᠶᠢ | ᠴᠢᠩᠭ᠎ᠠ ᠵᠢᠷᠤᠮᠯᠠᠨ ᠰᠤᠷᠤᠭᠴᠢ ᠡᠯᠰᠡᠵᠦ᠂ ᠠᠩᠭᠢ ᠶᠢᠨ ᠲᠤᠭ᠎ᠠ ᠶᠢ ᠴᠢᠩᠭ᠎ᠠ ᠬᠢᠵᠠᠭᠠᠷᠯᠠᠵᠤ᠂ ᠪᠠᠭ᠎ᠠ | ᠰᠤᠷᠭᠠᠭᠤᠯᠢ ᠶᠢᠨ ᠠᠩᠭᠢ ᠶᠢᠨ ᠲᠤᠭ᠎ᠠ ᠶᠢ 45 ᠬᠥᠮᠦᠨ ᠠᠴᠠ ᠬᠡᠲᠦᠷᠡᠭᠦᠯᠵᠦ ᠪᠣᠯᠬᠤ ᠦᠭᠡᠢ ︵ᠳᠡᠭᠡᠳᠦ | ᠰᠤᠷᠭᠠᠭᠤᠯᠢ ᠶᠢᠨ ᠲᠤᠭ᠎ᠠ ᠶᠢ ᠬᠢᠵᠠᠭᠠᠷᠯᠠᠬᠤ ᠬᠡᠷᠡᠭᠴᠡᠭᠡ ᠠᠴᠠ ᠪᠣᠯᠵᠤ᠂ ᠵᠠᠷᠢᠮ ᠪᠠᠯᠭᠠᠰᠤᠨ ᠳᠤ ᠰᠠᠭᠤᠭ᠎ᠠ ᠪᠠᠭ᠎ᠠ | ᠰᠤᠷᠭᠠᠭᠤᠯᠢ ᠶᠢᠨ ᠠᠩᠭᠢ ᠶᠢᠨ ᠲᠤᠭ᠎ᠠ ᠶᠢ 40 ᠬᠥᠮᠦᠨ ᠳᠤᠨᠢ ᠬᠢᠵᠠᠭᠠᠷᠯᠠᠬᠤ ᠬᠡᠷᠡᠭᠲᠡᠶ᠃︶ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢ 50 ᠬᠥᠮᠦᠨ ᠠᠴᠠ ᠬᠡᠲᠦᠷᠡᠭᠦᠯᠵᠦ ᠪᠣᠯᠬᠤ ᠦᠭᠡᠶ᠂ ᠰᠤᠷᠭᠠᠭᠤᠯᠢ ᠰᠣᠩᠭᠤᠬᠤ᠂ ᠠᠩᠭᠢ | ᠰᠣᠩᠭᠤᠬᠤ ᠪᠠ ᠬᠡᠪᠴᠢᠶ᠎ᠡ ᠠᠴᠠ ᠪᠠᠨ ᠳᠠᠪᠠᠭᠤᠯᠤᠨ ᠰᠤᠷᠭᠠᠭᠤᠯᠢ ᠡᠷᠬᠢᠯᠡᠬᠦ ᠦᠵᠡᠭᠳᠡᠯ ᠢ ᠡᠷᠡᠰ ᠵᠣᠭᠰᠣᠭᠠᠬᠤ | ᠬᠡᠷᠡᠭᠲᠡᠶ᠃ | ︵ᠲᠦᠷᠪᠡ︶ ᠰᠤᠷᠤᠭᠴᠢ ᠡᠯᠰᠡᠬᠦ ᠰᠠᠬᠢᠯᠭ᠎ᠠ ᠪᠠᠲᠤ ᠶᠢ ᠴᠢᠩᠳᠠᠯᠠᠨ᠎ᠠ᠃ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ | ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠱᠠᠲᠤ ᠱᠠᠲᠤ ᠪᠠᠷ ᠬᠠᠷᠢᠭᠤᠴᠠᠯᠭ᠎ᠠ ᠶᠢᠨ ᠪᠢᠴᠢᠭ ᠲᠤ | ᠭᠠᠷ ᠤᠨ ᠥᠰᠥᠭ ᠵᠢᠷᠤᠬᠤ ᠬᠡᠷᠡᠭᠲᠡᠶ᠃ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ | ᠰᠤᠷᠤᠭᠴᠢ ᠡᠯᠰᠡᠬᠦ ᠰᠠᠬᠢᠯᠭ᠎ᠠ ᠪᠠᠲᠤ ᠪᠣᠯᠤᠨ ᠲᠣᠭᠲᠠᠭᠠᠯ ᠠᠴᠠ ᠵᠥᠷᠢᠴᠡᠭᠰᠡᠨ᠂ ᠬᠤᠳᠠᠯ ᠬᠡᠯᠡᠵᠦ ᠬᠠᠭᠤᠷᠮᠠᠭᠯᠠᠨ | ᠵᠣᠬᠢᠶᠠᠭᠰᠠᠨ᠂ ᠬᠢᠨᠠᠨ ᠬᠠᠷᠭᠤᠭᠤᠯᠵᠤ ᠪᠣᠭᠤᠮᠲᠠ ᠶᠢ ᠠᠳᠬᠤᠭᠰᠠᠨ ᠢᠶᠠᠷ ᠴᠢᠩᠭ᠎ᠠ ᠦᠭᠡᠶ᠂ ᠰᠤᠷᠤᠭᠴᠢ ᠡᠯᠰᠡᠬᠦ | ᠡᠮᠬᠢ ᠳᠢᠭᠯᠢᠮ ᠢ ᠰᠠᠮᠠᠭᠤᠷᠠᠭᠤᠯᠤᠭᠰᠠᠨ᠂ ᠲᠣᠭᠲᠠᠭᠠᠯ ᠠᠴᠠ ᠵᠥᠷᠢᠴᠡᠨ ᠰᠤᠷᠤᠭᠴᠢ ᠡᠯᠰᠡᠭᠰᠡᠨ᠂ | ᠲᠥᠯᠥᠪᠦᠷᠢ ᠲᠠᠢ ᠪᠠᠷ ᠰᠤᠷᠤᠭᠴᠢ ᠡᠯᠰᠡᠭᠰᠡᠨ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠨ | ᠰᠦᠢᠳᠬᠡᠯ ᠬᠤᠷᠢᠶᠠᠭᠰᠠᠨ ᠰᠤᠷᠤᠭᠴᠢ ᠡᠯᠰᠡᠭᠰᠡᠨ ᠰᠤᠷᠭᠠᠭᠤᠯᠢ᠂ ᠬᠥᠮᠦᠰ ᠢ ᠣᠯᠵᠤ ᠮᠡᠳᠡᠪᠡᠯ ᠨᠢᠭᠡ ᠶᠢ ᠪᠠᠶᠢᠴᠠᠭᠠᠨ | ᠰᠢᠶ᠋ᠳᠪᠦᠷᠢᠯᠡᠬᠦ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠬᠠᠶᠢᠲᠠᠶ ᠬᠥᠮᠦᠨ ᠪᠣᠯᠤᠨ | ᠬᠤᠯᠪᠣᠭᠳᠠᠯ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃ | ︵ᠲᠠᠪᠤ︶ ᠨᠡᠶᠢᠭᠡᠮ ᠤᠨ ᠬᠢᠨᠠᠯᠲᠠ ᠶᠢ ᠴᠢᠩᠭᠠᠳᠬᠠᠵᠤ᠃ ᠰᠤᠷᠤᠭᠴᠢ ᠡᠯᠰᠡᠬᠦ ᠮᠡᠳᠡᠭᠡ ᠵᠠᠩᠭᠢ ᠶᠢ ᠰᠤᠷᠭᠠᠨ | ᠬᠥᠮᠦᠵᠢᠯ ᠤᠨ ᠰᠦᠯᠵᠢᠶᠡᠨ ᠳᠡᠭᠡᠷ᠎ᠡ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠰᠤᠷᠤᠭᠴᠢ | ᠡᠯᠰᠡᠬᠦ ᠠᠵᠢᠯ ᠤᠨ ᠢᠯᠡ ᠲᠣᠳᠣ᠂ ᠲᠥᠪ ᠭᠤᠤᠯᠴᠢ᠂ ᠢᠯᠡ ᠲᠣᠳᠣ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠢᠯᠡ ᠪᠠᠷ ᠰᠤᠷᠤᠭᠴᠢ ᠡᠯᠰᠡᠬᠦ᠂ ᠲᠡᠩᠴᠡᠪᠦᠷᠢ ᠲᠠᠢ ᠪᠠᠷ ᠠᠩᠭᠢ ᠬᠤᠪᠢᠶᠠᠵᠦ ᠢᠯᠡᠴᠢᠯᠡᠨ ᠮᠡᠳᠡᠭᠦᠯᠬᠦ ᠳᠦᠷᠢᠮ ᠢ | ᠬᠡᠷᠡᠭᠵᠢᠭᠦᠯᠦᠨ᠎ᠡ᠃ ᠨᠡᠶᠢᠭᠡᠮ ᠤᠨ ᠡᠯ᠎ᠡ ᠡᠲᠡᠭᠡᠳ ᠤᠨ ᠬᠢᠨ ᠰᠤᠷᠤᠭᠴᠢ ᠡᠯᠰᠡᠬᠦ᠂ ᠠᠩᠭᠢ ᠬᠤᠪᠢᠶᠠᠬᠤ ᠶᠠᠪᠤᠴᠠ ᠳᠤ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠃ | | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0475 - 5212351 ︵ᠬᠤᠰᠢᠭᠤᠨ ᠤ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠰᠠᠭᠤᠷᠢ ᠰᠤᠷᠭᠠᠨ ᠬᠥᠮᠦᠵᠢᠯ ᠤᠨ ᠲᠠᠰᠤᠭ︶ | ᠲᠠᠭᠠᠯᠳᠤᠭᠤᠯᠤᠯ᠄ | 1. ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ | 2. ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠡᠯ᠎ᠡ ᠪᠦᠷᠢᠯᠳᠦᠬᠦᠨ ᠨᠢᠭᠡᠴᠡ ᠶᠢᠨ ᠡᠭᠦᠷᠭᠡ | ᠬᠠᠷᠢᠭᠤᠴᠠᠯᠭ᠎ᠠ | 3᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠣᠷᠣᠨ ᠤ ᠬᠡᠰᠡᠭ ᠬᠤᠪᠢᠶᠠᠭᠰᠠᠨ ᠪᠠᠶᠢᠳᠠᠯ | 4᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2024 ᠣᠨ ᠤ ᠳᠤᠮᠳᠠᠳᠤ ᠪᠠᠭ᠎ᠠ | ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠶᠢᠨ ᠬᠦᠰᠦᠨᠦᠭᠲᠦ | 5. ᠬᠤᠰᠢᠭᠤᠨ ᠳᠣᠲᠣᠷᠠᠬᠢ ᠠᠵᠢᠯᠲᠠᠨ ᠠᠵᠢᠯᠴᠢᠨ ᠤ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ | ᠭᠤᠶᠤᠴᠢᠯᠠᠯ ᠤᠨ ᠬᠦᠰᠦᠨᠦᠭᠲᠦ | 6. ᠬᠦᠲᠡᠭᠡ ᠲᠤᠰᠬᠤᠨ ᠤ ᠡᠷᠦᠭᠡ ᠠᠮᠠ ᠦᠭᠡᠢ ᠭᠠᠵᠠᠷ ᠦᠭᠡᠢ ᠰᠤᠷᠭᠠᠭᠤᠯᠢ ᠳᠤ ᠤᠷᠤᠬᠤ ᠭᠤᠶᠤᠴᠢᠯᠠᠯ ᠤᠨ | ᠬᠦᠰᠦᠨᠦᠭᠲᠤ | 7. ᠲᠦᠩᠯᠢᠶᠣᠤ ᠬᠤᠲᠠ ᠶᠢᠨ ᠢᠯᠡ ᠪᠠᠷ ᠰᠣᠷᠣᠭᠴᠢ ᠡᠯᠰᠡᠬᠦ ᠲᠠᠪᠴᠠᠩ ᠤᠨ ᠨᠡᠷ᠎ᠡ ᠮᠡᠳᠡᠭᠦᠯᠬᠦ ᠦᠵᠦᠭᠦᠷ ᠵᠢᠴᠢ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠣᠯᠠᠨ ᠨᠡᠶᠢᠲᠡ ᠶᠢᠨ ᠳ᠋ᠤᠭᠠᠷ | 8. ᠰᠤᠷᠭᠠᠭᠤᠯᠢ ᠳᠤ ᠤᠷᠤᠬᠤ ᠨᠠᠰᠤᠨ ᠤ ᠬᠡᠤᠬᠡᠳ ᠪᠠᠭᠠᠴᠤᠳ ᠰᠤᠷᠭᠠᠭᠤᠯᠢ ᠳᠤ ᠤᠷᠤᠬᠤ ᠶᠢ | ᠬᠤᠶᠢᠰᠢᠯᠠᠭᠤᠯᠬᠤ ᠭᠤᠶᠤᠴᠢᠯᠠᠯ ᠤᠨ ᠬᠦᠰᠦᠨᠦᠭᠲᠤ | | | | | | |