ᠱᠤᠩᠬᠤᠷ ᠨᠡᠶᠢᠭᠡᠮ ᠲᠣᠭᠤᠷᠢᠭ  ᠦᠢᠯᠡᠴᠢᠯᠡᠭᠡ ᠶᠢ ᠦᠷᠭᠡᠳᠭᠡᠵᠥ ᠪᠠᠶᠢᠨ᠎ᠠ
ᠨᠡᠶᠢᠲᠡᠯᠡᠭᠰᠡᠨ ᠴᠠᠭ᠄
2024/7/1
    2022 ᠣᠨ ᠠᠴᠠ ᠨᠠᠰᠢ᠂ ᠱᠤᠩᠬᠤᠷ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠨᠢ ︽ᠠᠯᠪᠠᠯᠠᠬᠤ ᠣᠷᠣᠨ ᠢ ᠬᠠᠮᠤᠭ ᠤᠨ ᠪᠠᠭ᠎ᠠ ᠪᠣᠯᠭᠠᠵᠤ᠂ ᠦᠢᠯᠡᠴᠢᠯᠡᠭᠡᠨ ᠤ ᠣᠷᠣᠨ ᠪᠦᠰᠡ ᠶᠢ ᠬᠠᠮᠤᠭ ᠤᠨ ᠶᠡᠭᠡ ᠪᠣᠯᠭᠠᠬᠤ︾ ᠵᠠᠷᠴᠢᠮ ᠶᠣᠰᠣᠭᠠᠷ᠂ ︽ᠣᠷᠣᠨ ᠵᠠᠢ ᠶᠢ ᠦᠬᠡᠷᠡᠴᠢᠯᠡᠬᠦ᠂ ᠠᠭᠤᠯᠤᠭᠳᠠᠬᠤᠨ ᠢ  ᠨᠡᠮᠡᠬᠦ ᠂ ᠦᠢᠯᠡᠴᠢᠯᠡᠭᠡ ᠶᠢ ᠴᠢᠩᠭᠠᠷᠠᠭᠤᠯᠬᠤ︾ ᠶᠢ ᠭᠡᠷᠡᠭᠵᠢᠬᠦᠯᠵᠥ᠂  ᠬᠡᠯᠪᠡᠷᠢ ᠶᠢᠨ ᠲᠡᠳᠦᠢ ᠲᠠᠶᠢᠰᠠ᠂ ᠫᠠᠶᠢᠰᠠ ᠶᠢ ᠬᠠᠰᠤᠵᠥ᠂  ᠤᠯᠠᠨ ᠲᠦᠮᠡᠨ ᠤ ᠬᠤᠭᠤᠷᠤᠨᠳᠤᠬᠢ ᠵᠠᠢ ᠪᠠᠨ ᠪᠠᠭᠠᠰᠬᠠᠨ᠂ ᠬᠠᠷᠢᠶᠠᠲᠤ ᠣᠷᠣᠨ ᠤ ᠨᠠᠰᠤᠲᠠᠶᠢᠴᠤᠳ ᠪᠠ ᠨᠢᠯᠬᠠᠰ ᠲᠤ  ᠦᠷᠭᠡᠳᠭᠡᠭᠰᠡᠨ  ᠦᠢᠯᠡᠴᠢᠯᠡᠭᠡ ᠬᠠᠩᠭᠠᠨ᠂ ᠤᠯᠠᠨ ᠲᠦᠮᠡᠨ ᠳᠤ ᠤᠬᠠᠭᠤᠯᠬᠤ᠂ ᠤᠯᠠᠨ ᠲᠦᠮᠡᠨ ᠢ ᠬᠥᠲᠥᠯᠥᠨ ᠵᠢᠯᠣᠭᠤᠳᠬᠤ᠂ ᠤᠯᠠᠨ ᠲᠦᠮᠡᠨ ᠢ ᠨᠢᠭᠲᠠᠷᠠᠭᠤᠯᠬᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ  ᠺᠢᠯᠤᠮᠧᠲᠷ︾ ᠢ ᠦᠨᠡᠨ ᠬᠦ ᠨᠡᠪᠲᠡᠷᠡᠭᠦᠯᠪᠡ᠃
双合尔社区.jpg    ᠨᠡᠶᠢᠭᠡᠮ ᠲᠣᠭᠤᠷᠢᠭ ᠨᠢ ᠣᠷᠣᠨ ᠵᠠᠶ ᠶᠢ ᠡᠮᠬᠢᠯᠡᠨ ᠨᠡᠶᠢᠯᠡᠭᠦᠯᠬᠦ ᠶᠢᠨ ᠬᠠᠮᠲᠤ ᠣᠯᠠᠨ ᠵᠦᠢᠯ ᠬᠡᠯᠪᠡᠷᠢ ᠶᠢᠨ
ᠠᠵᠢᠯᠯᠠᠭ᠎ᠠ ᠥᠷᠨᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠠᠰᠤᠲᠠᠶᠢᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠰᠤᠲᠠᠶᠢᠴᠤᠳ ᠤᠨ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠪᠡ᠃ ᠡᠨᠡ ᠵᠢᠯ ᠤᠨ 4 ᠰᠠᠷ᠎ᠠ ᠳᠤ᠂ ᠨᠡᠶᠢᠭᠡᠮ ᠲᠣᠭᠤᠷᠢᠭ ︽ᠨᠠᠰᠤᠲᠠᠶᠢᠴᠤᠳ ᠤᠨ ᠶᠡᠭᠡ ᠰᠤᠷᠭᠠᠭᠤᠯᠢ︾ ᠳᠤ ᠲᠦᠰᠢᠭᠯᠡᠵᠥ᠂ ᠪᠠᠶᠠᠷ ᠤᠨ ᠡᠳᠦᠷ ᠤᠨ ᠰᠢᠷᠢᠰ ᠤᠳᠬ᠎ᠠ ᠤᠷᠠᠯᠢᠭ ᠤᠨ ᠠᠵᠢᠯᠯᠠᠭ᠎ᠠ ᠲᠠᠢ ᠤᠶᠠᠯᠳᠤᠭᠤᠯᠤᠨ᠂ ᠨᠠᠰᠤᠲᠠᠶᠢᠴᠤᠳ ᠤᠨ ᠠᠵᠢᠯᠯᠠᠭᠠᠨ ᠤ ᠲᠠᠪᠴᠠᠩ ᠢ ᠪᠠᠶᠢᠭᠤᠯᠬᠤ ᠶᠢᠨ ᠬᠠᠮᠲᠤ ᠬᠠᠷᠢᠶᠠᠲᠤ ᠣᠷᠣᠨ ᠤ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠠᠶᠢᠷ᠎ᠠ ᠬᠠᠯᠠᠮᠵᠢ ᠲᠠᠢ ᠬᠥᠮᠦᠰ ᠲᠠᠢ ᠬᠠᠮᠲᠤᠷᠠᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ᠂ ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡ ᠵᠡᠷᠭᠡ ᠠᠵᠢᠯᠯᠠᠭ᠎ᠠ ᠥᠷᠨᠢᠭᠦᠯᠪᠡ᠃ ᠡᠭᠦᠨ ᠤ ᠬᠠᠮᠲᠤ ᠨᠡᠶᠢᠭᠡᠮ ᠲᠣᠭᠤᠷᠢᠭ ᠤᠨ ᠠᠵᠢᠯᠲᠠᠳ ᠰᠤᠷᠤᠯᠴᠠᠯᠭ᠎ᠠ ᠶᠢ ᠬᠡᠷ ᠲᠤᠨᠢ ᠬᠦᠷᠭᠡᠬᠦ᠂ ᠡᠷᠬᠢᠨ ᠦᠵᠡᠵᠦ ᠲᠣᠬᠤᠨᠢᠭᠤᠯᠬᠤ᠂ ᠡᠭᠦᠳᠡ ᠲᠣᠭᠰᠢᠬᠤ ᠠᠵᠢᠯᠯᠠᠭ᠎ᠠ ᠵᠡᠷᠭᠡ ᠦᠢᠯᠡᠴᠢᠯᠡᠭᠡ ᠥᠷᠨᠢᠭᠦᠯᠵᠦ᠂ ᠨᠠᠰᠤᠲᠠᠨ ᠢ ᠬᠠᠪᠰᠤᠷᠤᠨ ᠡᠷᠡᠭᠦᠯ ᠠᠮᠢᠳᠤᠷᠠᠯ ᠤᠨ ᠤᠬᠠᠮᠰᠠᠷ ᠢ ᠪᠣᠶ ᠪᠣᠯᠭᠠᠭᠰᠠᠨ ᠮᠥᠷᠲᠡᠭᠡᠨ ᠪᠠᠰᠠ ᠨᠠᠰᠤᠲᠠᠶᠢᠴᠤᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃
双合尔社区2.jpg   ᠨᠡᠶᠢᠭᠡᠮ ᠲᠣᠭᠤᠷᠢᠭ ᠤᠨ ᠬᠢᠨ ᠬᠥᠳᠡᠯᠭᠡᠭᠡᠨ ᠤ ᠲᠠᠰᠤᠭ ᠤᠨ ᠦᠢᠯᠡᠴᠢᠯᠡᠭᠡᠨ ᠤ ᠲᠥᠬᠦᠭᠡᠷᠦᠮᠵᠢ ᠶᠢ ᠭᠦᠢᠴᠡᠳ
ᠠᠰᠢᠭᠯᠠᠵᠤ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠰᠤᠭ ᠢ ᠡᠭᠦᠳᠦᠨ ᠪᠠᠶᠢᠭᠤᠯᠵᠤ᠂ ᠲᠦᠷᠦᠯ ᠵᠦᠢᠯ᠂ ᠬᠡᠯᠪᠡᠷᠢ ᠤᠯᠠᠨ ᠶᠠᠩᠵᠤ ᠶᠢᠨ ᠬᠡᠦᠬᠡᠳ ᠤᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠬᠡᠦᠬᠡᠳ ᠤᠳ ᠲᠤ ᠠᠮᠤᠷ ᠲᠦᠪᠰᠢᠨ᠂ ᠡᠷᠡᠭᠦᠯ ᠴᠢᠭᠢᠷᠠᠭ᠂ ᠪᠠᠶᠠᠷ ᠪᠠᠶᠠᠰᠬᠤᠯᠠᠩ ᠲᠠᠢ ᠦᠰᠦᠨ ᠪᠤᠶᠢᠵᠢᠬᠤ ᠣᠷᠴᠢᠨ ᠲᠣᠭᠤᠷᠢᠨ ᠢ ᠬᠠᠩᠭᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠡᠯᠪᠡᠷᠢ ᠶᠢᠨ ᠤᠨᠴᠠᠯᠢᠬᠳᠤ ᠲᠦᠷᠦᠯ ᠲᠡᠮᠳᠡᠭ ᠤᠨ ᠨᠡᠶᠢᠭᠡᠮ ᠲᠣᠭᠤᠷᠢᠭ ᠢ ᠴᠢᠷᠮᠠᠶᠢᠨ ᠪᠠᠶᠢᠭᠤᠯᠪᠠ᠃  ᠤᠳᠠᠭ᠎ᠠ ᠪᠦᠷᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠨᠢ ᠬᠡᠦᠬᠡᠳ ᠢ ᠰᠢᠨᠵᠢᠯᠡᠬᠦ ᠤᠬᠠᠭᠠᠨ ᠲᠠᠢ ᠣᠶᠢᠷᠠᠲᠤᠭᠤᠯᠵᠤ᠂ ᠰᠢᠨᠵᠢᠯᠡᠬᠦ ᠤᠬᠠᠭᠠᠨ ᠢ ᠲᠠᠨᠢᠭᠤᠯᠵᠤ᠂ ᠬᠡᠦᠬᠡᠳ ᠤᠳ ᠲᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠰᠤᠷᠤᠯᠴᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠰᠡᠷᠡᠭᠳᠡᠬᠦᠯᠵᠥ ᠮᠡᠳᠡᠷᠡᠬᠦᠯᠪᠡ᠃ ᠣᠳᠣᠬᠠᠨ ᠪᠣᠯᠲᠠᠯ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ 22 ᠤᠳᠠᠭᠠᠨ ᠤ ᠬᠥᠮᠦᠵᠢᠯ ᠤᠨ ᠠᠵᠢᠯᠯᠠᠭ᠎ᠠ ᠶᠢ ᠡᠷᠬᠢᠯᠡᠵᠦ᠂ ᠠᠳᠠᠯᠢ ᠬᠤᠭᠤᠴᠠᠭᠠᠨ ᠤ ᠬᠢ ᠠᠴᠠ 75% ᠪᠠᠷ ᠨᠡᠮᠡᠭᠳᠡᠪᠡ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号