6 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ | ᠠᠳᠤᠭᠤᠴᠢᠨ ᠰᠤᠮᠤ ᠶᠢᠨ ᠬᠡᠰᠡᠭ ᠭᠠᠴᠠᠭ᠎ᠠ ᠲᠣᠰᠬᠤᠨ ᠳᠤ ᠭᠦᠨᠵᠡᠭᠡᠶᠢᠷᠡᠵᠦ᠂ ᠡᠷᠦᠬᠡ ᠳᠤ ᠬᠦᠷᠴᠦ ᠰᠤᠷᠪᠤᠯᠵᠢᠯᠠᠬᠤ | ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠠᠮ ᠤᠨ ᠰᠠᠬᠢᠯᠭ᠎ᠠ ᠪᠠᠳᠤ ᠶᠢᠨ ᠰᠤᠷᠤᠯᠴᠠᠯᠭ᠎ᠠ ᠬᠥᠮᠦᠵᠢᠯ ᠵᠡᠷᠭᠡ | ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠸᠧᠨ ᠮᠢᠩ ᠣᠷᠣᠯᠴᠠᠪᠠ᠃ | | ᠰᠢᠶᠧ ᠴᠦᠨ ᠾᠧ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ ᠲᠠᠯᠠᠪᠠᠢ ᠪᠣᠯᠤᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠬᠢᠨᠠᠨ ᠬᠡᠮᠵᠢᠭᠰᠡᠨ ᠡᠲᠡᠭᠡᠳ ᠤᠨ | ᠮᠡᠳᠡᠭᠡ ᠵᠠᠩᠭᠢ ᠶᠢ ᠬᠥᠳᠡᠯᠦᠩᠭᠦᠶ ᠪᠠᠷ ᠡᠵᠡᠮᠰᠢᠵᠦ᠂ ᠰᠢᠨᠵᠢᠯᠡᠬᠦ ᠤᠬᠠᠭᠠᠨᠴᠢ ᠪᠠᠷ ᠪᠦᠷᠢᠳᠬᠡᠵᠦ᠂ ᠡᠷᠦᠬᠡ ᠳᠠᠷᠠᠭᠠᠯᠠᠨ | ᠬᠠᠷᠢᠭᠤᠴᠠᠵᠤ᠂ ᠰᠠᠭᠤᠷᠢ ᠲᠤᠭ᠎ᠠ ᠨᠢ ᠲᠣᠳᠣᠷᠬᠠᠶ᠂ ᠲᠤᠭ᠎ᠠ ᠪᠠᠷᠢᠮᠲᠠ ᠨᠢ ᠣᠨᠣᠪᠴᠢᠲᠠᠶ᠂ ᠪᠠᠶᠢᠳᠠᠯ ᠨᠢ ᠲᠣᠳᠣᠷᠬᠠᠶ | ᠪᠠᠶᠢᠬᠤ ᠬᠡᠷᠡᠭᠲᠡᠶ᠃ ᠣᠷᠣᠯᠭ᠎ᠠ ᠪᠠᠭᠤᠷᠠᠭᠰᠠᠨ ᠡᠷᠦᠬᠡ ᠳᠤ ᠰᠢᠯᠲᠠᠭᠠᠨ ᠢ ᠭᠦᠨᠵᠡᠭᠡᠶ ᠵᠠᠳᠠᠯᠵᠤ᠂ ᠡᠷᠦᠬᠡ ᠶᠢᠨ | ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠣᠯᠠᠨ | ᠲᠦᠮᠡᠨ ᠢ ᠳᠠᠭᠠᠭᠤᠯᠤᠨ ᠬᠠᠮᠲᠤ ᠪᠠᠷ ᠴᠢᠨᠡᠭᠡᠯᠢᠭᠵᠢᠬᠦ ᠬᠡᠷᠡᠭᠲᠡᠶ ᠭᠡᠵᠡᠢ᠃ | | ᠰᠢᠶᠧ ᠴᠦᠨ ᠾᠧ ᠱᠠᠭᠠᠷᠳᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ | ᠬᠠᠷᠠᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠦᠨᠳᠦᠰᠦᠨ ᠱᠠᠲᠤᠨ ᠤ ᠠᠵᠢᠯ ᠤᠨ ᠪᠣᠳᠠᠲᠠᠶ ᠲᠠᠢ ᠨᠢᠭᠲᠠ | ᠤᠶᠠᠯᠳᠤᠭᠤᠯᠤᠨ ᠨᠠᠷᠢᠯᠢᠭ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ ᠢ ᠶᠣᠰᠣᠨ ᠲᠡᠳᠦᠶ ᠥᠩᠭᠡᠷᠡᠭᠦᠯᠬᠦ | ᠥᠬᠡᠶ᠂ ᠬᠡᠯᠪᠡᠷᠢ ᠶᠢᠨ ᠲᠡᠳᠦᠶ ᠪᠣᠯᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠬᠡᠯᠪᠡᠷᠢᠴᠢ ᠦᠵᠡᠯ ᠢ ᠴᠡᠭᠴᠡᠯᠡᠨ | ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ | ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ ᠦᠨᠳᠦᠰᠦᠨ ᠱᠠᠲᠤᠨ ᠤ ᠵᠠᠰᠠᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯ ᠤᠨ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃ | ᠪᠠᠶᠢᠴᠠᠭᠠᠨ ᠰᠤᠳᠤᠯᠤᠯᠲᠠ ᠳᠤᠮᠳᠠ᠂ ᠪᠠᠰᠠ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ | ᠪᠠ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠲᠤᠬᠠᠶ ᠵᠢᠯᠣᠭᠤᠳᠬᠤ ᠴᠢᠨᠠᠷᠲᠠᠶ ᠰᠠᠨᠠᠯ | ᠳᠤᠷᠠᠳᠪᠠ᠃ | | |