ᠭᠠᠨᠵᠤᠭ᠎ᠠ ᠪᠠᠯᠭᠠᠰᠤ ︽ᠶᠢᠰᠦᠨ ᠠᠷᠭ᠎ᠠ ᠬᠡᠮᠵᠢᠶ᠎ᠡ︾ ᠪᠠᠷ ᠲᠠᠷᠢᠮᠠᠯ ᠤᠨ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/7/10
    ᠮᠠᠩᠬ᠎ᠠ ᠲᠤᠪᠤ ᠭᠠᠵᠠᠷ ᠢ ᠵᠢᠯ ᠳᠠᠷᠠᠭᠠᠯᠠᠨ ᠲᠡᠭᠰᠢᠯᠡᠬᠦ ᠶᠢ ᠵᠤᠷᠢᠬᠵᠢᠭᠤᠯᠪᠠ ᠃  ᠴᠤᠤᠬᠠᠢ᠂ ᠮᠡᠨᠳᠦ᠂ ᠬᠠᠷᠬᠤᠰᠤ ᠶᠢᠨ ᠬᠡᠰᠡᠭ ᠢᠶᠠᠷ ᠭᠤᠣᠯᠳᠠᠯᠭ᠎ᠠ ᠪᠣᠯᠭᠠᠵᠤ᠂ ᠣᠯᠠᠨ ᠲᠦᠮᠡᠨ ᠢ ᠳᠠᠶᠢᠴᠢᠯᠠᠨ ᠵᠢᠯ ᠳᠠᠷᠠᠭᠠᠯᠠᠨ ᠡᠯᠡᠰᠦ ᠮᠠᠩᠬᠠᠨ ᠤ ᠭᠠᠵᠠᠷ ᠢ ᠲᠡᠭᠰᠢᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠪᠠ᠃ ᠲᠠᠷᠢᠶᠠᠴᠢᠨ ᠠᠶᠢᠯ ᠤᠨ ᠪᠣᠷᠳᠣᠭᠤᠷ ᠢ ᠲᠠᠷᠢᠶᠠᠨ ᠭᠠᠵᠠᠷ ᠲᠤ ᠪᠤᠴᠠᠭᠠᠬᠤ ᠮᠡᠷᠭᠡᠵᠢᠯ ᠢ ᠲᠡᠯᠭᠡᠷᠡᠬᠦᠯᠪᠡ᠃ ᠲᠠᠷᠢᠶᠠᠴᠢᠨ ᠡᠷᠦᠬᠡ ᠶᠢ ᠳᠠᠶᠢᠴᠢᠯᠠᠨ ᠮᠠᠯ ᠵᠢᠭᠦᠷᠲᠡᠨ ᠤ ᠢᠯᠭᠠᠳᠠᠰᠤ᠂ ᠡᠰᠢ ᠰᠦᠷᠡᠯ ᠢ ᠢᠰᠬᠡᠵᠦ ᠲᠠᠷᠢᠶᠠᠨ ᠭᠠᠵᠠᠷ ᠲᠤ ᠪᠤᠴᠠᠭᠠᠯᠭᠠᠵᠤ᠂ ᠬᠥᠷᠥᠰᠥ ᠰᠢᠷᠣᠶ ᠶᠢᠨ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠥᠨᠳᠥᠷ ᠤᠨᠠᠯᠲᠠ ᠲᠠᠢ ᠲᠠᠷᠢᠶᠠᠨ ᠭᠠᠵᠠᠷ ᠢ  ᠪᠠᠶᠢᠭᠤᠯᠪᠠ᠃ ᠨᠢᠭᠡ ᠡᠷᠦᠬᠡ    ᠨᠢᠭᠡ    ᠬᠡᠰᠡᠭ     ᠲᠠᠷᠢᠶᠠᠨ    ᠭᠠᠵᠠᠷ ᠤᠨ ᠲᠥᠷᠥ ᠶᠢᠨ ᠪᠤᠳᠣᠯᠭ᠎ᠠ   ᠶᠢ  ᠭᠡᠷᠡᠭᠵᠢᠬᠦᠯᠪᠡ ᠃ ᠭᠠᠴᠠᠭ᠎ᠠ ᠲᠣᠰᠬᠤᠨ ᠢᠶᠠᠷ ᠭᠤᠤᠯ ᠴᠣᠭᠴᠠ ᠪᠣᠯᠭᠠᠨ᠂ ᠲᠠᠷᠢᠶᠠᠴᠢᠨ ᠡᠷᠦᠬᠡ ᠰᠠᠶᠢᠨ ᠳᠤᠷ᠎ᠠ ᠶᠢᠨ ᠪᠠᠶᠢᠬᠤ ᠤᠷᠢᠲᠠᠯ ᠳᠣᠤᠷ᠎ᠠ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠭᠠᠵᠠᠷ ᠰᠢᠷᠣᠶ ᠶᠢ ᠴᠡᠭᠴᠡᠯᠡᠨ ᠵᠠᠰᠠᠬᠤ ᠲᠠᠢ ᠤᠶᠠᠯᠳᠤᠭᠤᠯᠤᠨ ᠠᠶᠢᠯ ᠲᠣᠰᠬᠤᠨ ᠤ ᠲᠠᠷᠢᠶᠠᠨ ᠭᠠᠵᠠᠷ  ᠤᠨ ᠲᠠᠷᠬᠠᠶᠢᠵᠢᠯᠳᠠ  ᠶᠢᠨ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠪᠡ᠃ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠠᠭᠪᠤᠷ ᠢ ᠠᠬᠢᠭᠤᠯᠪᠠ ᠃ ᠵᠢᠱᠢᠶ᠎ᠡ ᠦᠵᠡᠭᠦᠯᠬᠦ ᠡᠷᠦᠬᠡ ᠳᠠᠭᠠᠭᠤᠯᠬᠤ ᠪᠠᠷ ᠳᠠᠮᠵᠢᠭᠤᠯᠤᠨ᠂ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠳᠡᠯᠭᠡᠷᠡᠭᠦᠯᠦᠨ ᠲᠦᠭᠡᠮᠡᠯᠵᠢᠭᠦᠯᠵᠦ᠂ ᠨᠢᠭᠡᠴᠢ ᠭᠠᠷᠤᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠭᠤᠤᠯᠯᠠᠨ ᠰᠢᠪᠲᠤᠯᠪᠠ᠃ ᠪᠡᠯᠡᠳᠭᠡᠮᠵᠢᠳᠤ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠪᠠ᠃ ᠭᠠᠨᠵᠤᠭ᠎ᠠ ᠲᠣᠰᠬᠤᠨ᠂ ᠬᠤᠳᠠᠨ  ᠲᠠᠯ᠎ᠠ ᠲᠣᠰᠬᠤᠨ ᠢᠶᠠᠷ ᠭᠤᠣᠯᠳᠠᠯᠭ᠎ᠠ ᠪᠣᠯᠭᠠᠵᠤ᠂ ᠬᠠᠭᠤᠴᠢᠨ ᠢᠳᠡᠰᠢᠨ ᠨᠣᠭᠤᠭ᠎ᠠ ᠶᠢᠨ ᠲᠥᠬᠦᠭᠡᠷᠦᠮᠵᠢ ᠶᠢ ᠥᠭᠡᠷᠡᠴᠢᠯᠡᠨ  ᠰᠠᠶᠢᠵᠢᠷᠠᠭᠤᠯᠵᠥ ᠲᠥᠪᠯᠡᠷᠡᠭᠦᠯᠦᠨ ᠵᠠᠯᠭᠠᠯᠳᠤᠭᠤᠯᠪᠠ᠃ ᠬᠦᠷᠢᠶ᠎ᠡ ᠬᠠᠰᠢᠶᠠᠨ ᠤ ᠠᠵᠤ ᠠᠬᠤᠶ ᠶᠢ ᠴᠢᠨᠠᠷ ᠰᠠᠶᠢᠲᠠᠶ  ᠬᠦᠭᠵᠢᠬᠦᠯᠪᠡ᠃ ᠮᠠᠯᠴᠢᠨ ᠲᠠᠷᠢᠶᠠᠴᠢᠨ ᠡᠷᠦᠬᠡ ᠶᠢ ᠵᠢᠯᠣᠭᠤᠳᠤᠨ ︽ᠵᠢᠵᠢᠭ ᠬᠦᠷᠢᠶ᠎ᠡ ᠬᠠᠰᠢᠶ᠎ᠠ︾ ᠶᠢ ︽ᠲᠣᠮᠣ ᠠᠵᠤ ᠦᠢᠯᠡᠰ︾ ᠪᠣᠯᠭᠠᠨ ᠪᠠᠶᠢᠭᠤᠯᠬᠤ ᠪᠠᠷ ᠬᠥᠭᠵᠢᠯᠲᠡ ᠶᠢᠨ ᠬᠠᠷᠠᠯᠲᠠ ᠪᠣᠯᠭᠠᠵᠤ᠂ ᠳᠠᠷᠢᠬᠤ ᠴᠠᠭ᠂ ᠲᠥᠷᠥᠯ ᠵᠦᠢᠯ᠂ ᠦᠷ᠎ᠡ ᠪᠦᠲᠦᠮᠵᠢ ᠶᠢᠨ ᠲᠠᠯ᠎ᠠ ᠪᠠᠷ  ᠴᠢᠬᠤᠯᠠᠴᠢᠯᠠᠪᠠ᠃ ᠣᠨᠴᠠᠯᠢᠭᠲᠤ ᠠᠵᠤ ᠠᠬᠤᠶ ᠶᠢᠨ ᠣᠶ ᠶᠢ ᠲᠦᠷᠭᠡᠳᠬᠡᠨ  ᠪᠤᠶᠢᠵᠢᠭᠤᠯᠪᠠ ᠃ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠭᠤᠷᠪᠠᠨ ᠵᠢᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠳᠡᠭᠡᠳᠦ ᠱᠠᠲᠤᠨ ᠤ ᠠᠵᠤ ᠠᠬᠤᠶ ᠶᠢᠨ ᠣᠶ ᠶᠢᠨ ᠲᠤᠰᠬᠠᠶ ᠪᠡᠯᠡ ᠮᠥᠩᠭᠦ ᠶᠢ ᠴᠢᠷᠮᠠᠶᠢᠨ ᠣᠯᠵᠤ᠂ ᠣᠷᠣᠨ ᠪᠦᠰᠡ ᠶᠢᠨ ᠴᠢᠨᠠᠷᠲᠠᠶ ᠣᠨᠴᠠ ᠭᠠᠷᠤᠯᠲᠠ ᠶᠢᠨ ᠲᠠᠬᠢᠶᠠᠨ ᠵᠢᠷᠦᠬᠡᠨ ᠵᠢᠮᠢᠰ ‍ᠤᠨ‌‍ᠰᠠᠭᠤᠷᠢᠨ ᠭᠠᠵᠠᠷ ᠪᠠᠶᠢᠭᠤᠯᠪᠠ᠃  ᠴᠢᠨᠠᠷ ᠰᠠᠶᠢᠲᠠᠶ ᠲᠤᠲᠤᠷᠭ᠎ᠠ ᠶᠢᠨ  ᠦᠢᠯᠡᠳᠪᠦᠷᠢᠯᠡᠯ ᠤᠨ  ᠰᠠᠭᠤᠷᠢᠨ ᠭᠠᠵᠠᠷ  ᠢ ᠪᠠᠶᠢᠭᠤᠯᠪᠠ ᠃ ᠬᠠᠶᠢᠰᠤᠭᠠᠢ ᠶᠢᠨ  ᠤᠰᠤᠨ ᠲᠤᠲᠤᠷᠭ᠎ᠠ ᠪᠠᠷ ᠰᠠᠭᠤᠷᠢ ᠪᠣᠯᠭᠠᠵᠤ᠂ ᠪᠤᠰᠤᠳ ᠲᠣᠰᠬᠤᠨ ᠤ ᠤᠰᠤᠨ ᠲᠤᠲᠤᠷᠭ᠎ᠠ ᠶᠢ ᠲᠥᠪᠯᠡᠷᠡᠨ  ᠵᠠᠯᠭᠠᠯᠳᠤᠭᠤᠯᠬᠤ ᠶᠢ ᠵᠣᠷᠢᠭᠵᠢᠭᠤᠯᠵᠤ᠂  ᠦᠷ᠎ᠡ ᠳᠡᠪᠲᠦᠭᠡᠵᠦ ᠴᠢᠬᠢ ᠪᠤᠶᠢᠵᠢᠭᠤᠯᠬᠤ ᠶᠢ ᠦᠢᠯᠡᠳᠪᠦᠷᠢᠵᠢᠭᠦᠯᠬᠦ᠂ ᠲᠠᠷᠢᠶ᠎ᠠ ᠲᠠᠷᠢᠵᠤ ᠬᠤᠷᠢᠶᠠᠬᠤ ᠶᠢ ᠮᠠᠰᠢᠨᠴᠢᠯᠠᠬᠤ᠂ ᠪᠣᠷᠳᠣᠭᠤᠷ ᠣᠷᠣᠭᠤᠯᠵᠤ ᠬᠤᠷᠣᠬᠠᠶ ᠠᠯᠠᠬᠤ ᠶᠢ ᠲᠤᠰᠬᠠᠶᠢᠵᠢᠭᠤᠯᠬᠤ᠂ ᠮᠡᠷᠭᠡᠵᠢᠯ ᠤᠨ ᠦᠢᠯᠡᠴᠢᠯᠡᠭᠡ ᠶᠢ ᠮᠡᠳᠡᠭᠡ ᠵᠠᠩᠭᠢᠵᠢᠭᠤᠯᠬᠤ ᠶᠢ ᠠᠯᠬᠤᠮ ᠠᠯᠬᠤᠮ ᠢᠶᠠᠷ ᠪᠡᠶᠡᠯᠡᠬᠦᠯᠪᠡ ᠃ ᠬᠥᠳᠡᠯᠮᠦᠷᠢ ᠬᠦᠴᠦ ᠶᠢ ᠴᠢᠯᠦᠭᠡᠯᠡᠵᠥ ᠠᠵᠢᠯ ᠣᠯᠵᠤ ᠣᠷᠤᠯᠭ᠎ᠠ ᠶᠢ ᠨᠡᠮᠡᠭᠳᠡᠬᠦᠯᠪᠡ᠃ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠮᠬᠢ ᠵᠢᠷᠤᠮ ᠲᠠᠢ ᠪᠠᠷ ᠡᠷᠭᠢᠯᠳᠦᠭᠦᠯᠬᠦ ᠶᠢ ᠬᠥᠲᠥᠯᠥᠨ ᠵᠢᠯᠣᠭᠤᠳᠴᠤ᠂ ᠲᠠᠷᠢᠶᠠᠯᠠᠩ ᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠠᠬᠢᠭᠤᠯᠵᠤ ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠰᠡᠭ ᠬᠥᠳᠡᠯᠮᠦᠷᠢ ᠬᠦᠴᠦᠨ ᠢ ᠴᠢᠯᠥᠭᠡᠯᠡᠨ ᠳᠠᠬᠢᠨ ᠠᠵᠢᠯ ᠣᠯᠭᠤᠵᠤ᠂ ᠲᠠᠷᠢᠶᠠᠯᠠᠬᠤ    ᠮᠠᠯᠵᠢᠬᠤ    ᠡᠷᠦᠬᠡ   ᠶᠢᠨ ᠣᠷᠣᠯᠭ᠎ᠠ ᠶᠢᠨ ᠨᠡᠮᠡᠭᠳᠡᠯ ᠢ  ᠠᠬᠢᠭᠤᠯᠪᠠ᠃
甘镇绿色发展.jpg
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号