ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢ | ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠲᠠ ᠥᠬᠡᠶ ᠰᠢᠨ᠎ᠡ ᠶᠢ | ᠡᠭᠦᠳᠬᠦ ᠠᠮᠢᠵᠢᠷᠠᠯ ᠤᠨ ᠬᠦᠴᠦᠨ ᠨᠡᠮᠡᠷᠢᠯᠡᠪᠡ᠃ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ᠂ ᠪᠡᠯᠡ | ᠣᠷᠣᠭᠤᠯᠬᠤ ᠪᠠ ᠤᠶᠤᠨ ᠤᠬᠠᠭᠠᠨ ᠣᠷᠣᠭᠤᠯᠬᠤ ᠵᠡᠷᠭᠡ ᠠᠯᠢ ᠤᠯᠠᠨ ᠴᠢᠩᠭ᠎ᠠ ᠦᠷ᠎ᠡ ᠪᠦᠲᠦᠮᠵᠢ ᠲᠠᠢ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠮᠠᠰᠢ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠡᠨᠡᠬᠦ ᠬᠦᠰᠡᠯ | ᠡᠷᠡᠮᠡᠯᠵᠡᠯ ᠢᠶᠠᠷ ᠪᠢᠯᠬᠠᠭᠰᠠᠨ ᠬᠠᠯᠠᠭᠤᠨ ᠬᠥᠷᠥᠰᠥᠨ ᠳᠤ ᠠᠮᠵᠢᠯᠲᠠ ᠲᠠᠢ ᠲᠠᠳᠠᠨ ᠠᠪᠴᠢᠷᠠᠵᠤ ᠪᠠᠶᠢᠨ᠎ᠠ᠃ | ᠣᠷᠣᠨ ᠨᠤᠲᠤᠭ ᠤᠨ ᠴᠢᠳᠠᠮᠵᠢ ᠪᠠᠨ ᠭᠦᠨ ᠠᠭᠤᠳᠠᠯᠵᠤ᠂ ᠴᠢᠳᠠᠪᠤᠷᠢᠲᠠᠨ ᠢ ᠬᠦᠮᠦᠵᠢᠭᠦᠯᠬᠦ ᠶᠠᠰᠤ ᠴᠢᠨᠠᠷ | ᠦᠷ᠎ᠡ ᠠᠰᠢᠭ ᠢᠶᠠᠨ ᠨᠡᠮᠡᠭᠳᠡᠭᠦᠯᠪᠡ᠃ ᠮᠠᠨ ᠤ ᠬᠤᠰᠢᠭᠤ ᠲᠦᠷᠦ ᠶᠢᠨ ᠪᠤᠳᠤᠯᠭ᠎ᠠ ᠪᠠᠷ ᠲᠡᠮᠵᠢᠬᠦ᠂ ᠴᠢᠳᠠᠪᠤᠷᠢᠳᠠᠨ ᠤ | ᠪᠤᠯᠪᠠᠰᠤᠷᠠᠯ ᠦᠷᠨᠢᠬᠦᠯᠬᠦ᠂ ᠪᠡᠯᠡ ᠮᠦᠩᠬᠦ ᠬᠠᠩᠭᠠᠨ ᠬᠠᠪᠰᠤᠷᠤᠨ ᠲᠡᠳᠬᠦᠬᠦ ᠵᠡᠷᠭᠡ ᠪᠦᠳᠦᠮᠵᠢᠳᠡᠢ ᠠᠷᠭ᠎ᠠ ᠬᠡᠮᠵᠢᠶ᠎ᠡ | ᠠᠪᠬᠤ ᠪᠠᠷ ᠲᠠᠮᠵᠢᠨ᠂ ︽ᠨᠤᠳᠤᠭ ᠤᠨ ᠲᠤᠰᠬᠠᠢ ᠮᠡᠷᠭᠡᠵᠢᠯᠳᠡᠨ︾ ᠢ ᠤᠯᠠᠮᠵᠢᠯᠠᠯᠳᠤ ᠮᠠᠯ ᠲᠠᠷᠢᠶᠠᠯᠠᠩ ᠤᠨ | ᠦᠢᠯᠡᠰ ᠤᠨ ᠤᠳᠤᠬᠢᠴᠢᠯᠠᠯᠳᠠ᠂ ᠤᠶᠤᠨᠴᠢᠯᠠᠯᠳᠠ᠂ ᠪᠤᠬᠢᠷᠳᠤᠯ ᠦᠬᠡᠢ ᠬᠦᠭᠵᠢᠯᠳᠡ ᠶᠢ ᠠᠬᠢᠭᠤᠯᠬᠤ ᠭᠤᠤᠯ | ᠬᠦᠴᠦᠳᠡᠨ ᠪᠤᠯᠭᠠᠨ ᠬᠤᠪᠢᠷᠠᠭᠤᠯᠪᠠ᠃ | ᠣᠳᠣᠬᠠᠨ ᠳᠤ᠂ ᠪᠥᠬᠦ ᠬᠤᠰᠢᠭᠤᠨ ᠳᠤ ᠠᠯᠠᠰᠢᠨ ᠦᠬᠡᠷ ᠤᠨ ᠠᠵᠤ ᠦᠢᠯᠡᠰ ᠤᠨ ᠴᠢᠳᠠᠪᠤᠷᠢᠲᠠᠨ 2600 | ᠭᠠᠷᠤᠶ ᠪᠠᠶᠢᠵᠤ᠂ ᠡᠭᠦᠨ ᠳᠤ 1650 ᠨᠡᠷᠡᠰ ᠬᠡᠭᠡᠯᠲᠦᠭᠦᠯᠭᠡ ᠶᠢᠨ ᠮᠡᠷᠭᠡᠵᠢᠯᠲᠡᠨ ᠲᠠᠢ᠃ 1200 ᠭᠠᠷᠤᠶ ᠤᠯᠠᠭᠠᠨ | ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠴᠡᠭ ᠪᠠᠶᠢᠭᠤᠯᠵᠤ᠂ ᠴᠢᠨᠠᠷ ᠰᠠᠶᠢᠲᠠᠶ ᠡᠭᠦᠯᠳᠡᠷ | ᠰᠠᠶᠢᠵᠢᠷᠠᠭᠤᠯᠤᠭᠰᠠᠨ ᠠᠯᠠᠰᠢᠨ ᠦᠬᠡᠷ ᠢ 20 ᠭᠠᠷᠤᠶ ᠲᠦᠮᠡ ᠦᠷᠡᠵᠢᠭᠦᠯᠦᠨ ᠪᠤᠶᠢᠵᠢᠭᠤᠯᠵᠤ᠂ ᠰᠢᠯᠢᠳᠡᠭ | ᠡᠭᠦᠯᠳᠡᠷ ᠤᠨ ᠦᠨᠢᠶᠡᠨ ᠤ ᠤᠳᠤᠮ ᠤᠨ ᠲᠠᠩᠰᠠ ᠡᠪᠬᠡᠮᠡᠯ ᠢ 5000 ᠭᠠᠷᠤᠶ ᠪᠠᠶᠢᠭᠤᠯᠤᠨ᠂ ᠠᠯᠠᠰᠢᠨ ᠦᠬᠡᠷ | ᠲᠡᠵᠢᠭᠡᠨ ᠦᠷᠡᠵᠢᠭᠦᠯᠬᠦ ᠠᠵᠤ ᠦᠢᠯᠡᠰ ᠤᠨ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠠᠯᠴᠢᠨ | ᠲᠠᠷᠢᠶᠠᠴᠢᠨ ᠢ ᠪᠦᠲᠦᠮᠵᠢᠲᠡᠶ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠪᠠ᠃ | ᠰᠢᠯᠢᠳᠡᠭ ᠤᠷᠴᠢᠨ ᠰᠠᠶᠢᠨ ᠨᠦᠬᠦᠴᠡᠯ ᠪᠦᠷᠢᠯᠳᠦᠭᠦᠯᠦᠨ ᠦᠭᠴᠦ᠂ ᠡᠷᠳᠡᠮᠲᠡᠨ ᠮᠡᠷᠭᠡᠳ ᠢ ᠥᠷᠭᠡᠨ ᠢᠶᠠᠷ | ᠡᠯᠰᠡᠵᠦ ᠬᠥᠭᠵᠢᠯᠲᠡ ᠶᠢ ᠠᠬᠢᠭᠤᠯᠪᠠ᠃ ᠮᠠᠨ ᠤ ᠬᠤᠰᠢᠭᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ | ᠬᠦᠨᠳᠦᠳᠬᠡᠨ ᠦᠵᠡᠵᠦ᠂ ᠪᠦᠷᠢᠨ ᠲᠡᠭᠦᠯᠳᠡᠷ ᠲᠥᠷᠥ ᠶᠢᠨ ᠪᠣᠳᠣᠯᠭ᠎ᠠ ᠪᠠ ᠳᠣᠲᠣᠨᠣ ᠦᠢᠯᠡᠴᠢᠯᠡᠭᠡ ᠬᠠᠩᠭᠠᠭᠰᠠᠨ | ᠢᠶᠠᠷ ᠮᠡᠷᠭᠡᠵᠢᠯᠳᠡᠨ ᠨᠠᠷ ᠤᠨ ᠰᠡᠳᠬᠢᠯ ᠤᠨ ᠡᠷᠡᠭᠡᠯᠵᠡᠯ ᠢ ᠠᠯᠳᠠᠷᠭᠠᠵᠤ ᠤᠷᠤᠨ ᠨᠤᠳᠤᠭ ᠲᠠᠭᠠᠨ ᠲᠤᠭᠳᠠᠭᠤᠨ | ᠰᠠᠭᠤᠷᠢᠰᠢᠵᠤ᠂᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯ ᠳᠠᠭᠠᠨ ᠭᠠᠪᠰᠢᠭᠠᠶᠢᠯᠠᠬᠤ ᠪᠤᠯᠭᠠᠪᠠ᠃ | ᠮᠠᠨ ᠤ ᠬᠤᠰᠢᠭᠤ ᠠᠵᠤ ᠦᠢᠯᠡᠰ ᠤᠨ ᠬᠡᠯᠬᠢᠶ᠎ᠡ ᠪᠠ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠶ ᠠᠭᠤᠰᠤᠯᠴᠠᠯ ᠢ | ᠶᠡᠭᠡ ᠪᠠᠷ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠬᠥᠭᠵᠢᠯᠲᠡ ᠶᠢᠨ | ᠲᠠᠪᠴᠠᠩ ᠪᠠᠶᠢᠭᠤᠯᠬᠤ ᠪᠠᠷ ᠳᠠᠮᠵᠢᠭᠤᠯᠤᠨ᠂ ᠮᠠᠰᠢ ᠣᠯᠠᠨ ᠳᠡᠭᠡᠳᠦ ᠲᠠᠰ ᠤᠨ ᠴᠢᠳᠠᠪᠤᠷᠢᠲᠠᠨ ᠪᠠ ᠰᠢᠨ᠎ᠡ ᠶᠢ | ᠡᠭᠦᠳᠬᠦ ᠪᠦᠯᠬᠦᠮ ᠢ ᠲᠡᠳᠡᠨ ᠣᠷᠣᠭᠤᠯᠵᠤ᠂ ᠠᠵᠤ ᠦᠢᠯᠡᠰ ᠤᠨ ᠲᠠᠰ ᠳᠡᠪᠰᠢᠬᠦ ᠪᠠ ᠰᠢᠨ᠎ᠡ ᠶᠢ ᠡᠭᠦᠳᠬᠦ | ᠬᠥᠭᠵᠢᠯᠲᠡ ᠳᠤ ᠰᠢᠨ᠎ᠡ ᠰᠣᠷᠭᠤᠭ ᠬᠥᠳᠡᠯᠭᠡᠬᠦ ᠬᠦᠴᠦᠨ ᠨᠡᠮᠡᠷᠢᠯᠡᠪᠡ᠃ ᠴᠠᠬᠢᠭᠤᠷ ᠡᠯᠡᠰᠦᠨ ᠤ ᠰᠢᠨ᠎ᠡ | ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ᠂ ᠳ᠋ᠣᠺᠲ᠋ᠣᠷ ᠤᠨ ᠠᠵᠢᠯ ᠤᠨ ᠦᠷᠳᠡᠭᠡ᠂ ᠰᠢᠨᠵᠢᠯᠡᠬᠦ ᠤᠬᠠᠭᠠᠨ | ᠮᠡᠷᠭᠡᠵᠢᠯ ᠤᠨ ᠪᠠᠭ᠎ᠠ ᠬᠦᠷᠢᠶᠡᠯᠡᠩ ᠵᠡᠷᠭᠡ ᠳᠡᠭᠡᠳᠦ ᠲᠡᠰ ᠳᠠᠪᠬᠤᠷᠭ᠎ᠠ ᠶᠢᠨ ᠲᠠᠪᠴᠠᠩ ᠤᠨ ᠠᠴᠢᠶᠠᠯᠠᠪᠤᠷᠢ ᠶᠢ ᠤᠷᠢᠳ | ᠬᠤᠵᠢᠳ ᠪᠠᠶᠢᠭᠤᠯᠵᠤ᠂ ᠮᠡᠷᠭᠡᠵᠢᠯ ᠤᠨ ᠪᠣᠭᠤᠮᠲᠠ ᠰᠢᠪᠲᠤᠯᠬᠤ ᠶᠢ ᠬᠦᠴᠦᠯᠡᠨ ᠥᠷᠨᠢᠭᠦᠯᠵᠦ᠂ ᠣᠳᠣᠬᠠᠨ ᠳᠤ | ᠨᠢᠭᠡᠨᠲᠡ 8 ᠲᠤᠰᠬᠠᠢ ᠮᠡᠷᠭᠡᠵᠢᠯᠲᠡᠨ ᠴᠢᠳᠠᠪᠤᠷᠢᠲᠠᠨ ᠢ ᠤᠷᠢᠵᠤ ᠠᠵᠢᠯ ᠦᠷᠨᠢᠬᠦᠯᠵᠦ ᠪᠠᠶᠢᠨ᠎ᠠ᠃ ︽ᠡᠷᠳᠡᠮᠳᠡᠨ | ᠴᠢᠳᠠᠪᠤᠷᠢᠳᠠᠨ ᠢ ᠨᠤᠳᠤᠭ ᠲᠠᠭᠠᠨ ᠪᠤᠴᠠᠭᠠᠬᠤ︾ ᠢᠨᠵᠧᠨᠧᠷᠢᠩ ᠢ ᠭᠦᠨᠵᠡᠭᠡᠶ ᠠᠬᠢᠭᠤᠯᠵᠤ᠂ ᠲᠣᠰ ᠭᠠᠵᠠᠷ ᠲᠤ | ᠨᠤᠲᠤᠭ ᠲᠠᠢ ᠰᠢᠯᠢᠳᠡᠭ ᠴᠢᠳᠠᠪᠤᠷᠢᠲᠠᠨ ᠢ ᠢᠳᠡᠪᠬᠢᠲᠡᠶ ᠲᠠᠳᠠᠨ ᠠᠪᠴᠢᠷᠠᠵᠤ᠂ ᠨᠤᠲᠤᠭ ᠤᠰᠤᠨ ᠤ ᠪᠠᠨ | ᠬᠥᠭᠵᠢᠯᠲᠡ ᠳᠤ ᠠᠷᠭ᠎ᠠ ᠤᠬᠠᠭᠠᠨ ᠭᠠᠷᠭᠠᠯᠭᠠᠵᠤ᠂ ᠬᠠᠮᠲᠤ ᠪᠠᠷ ᠠᠷᠭ᠎ᠠ ᠪᠤᠳᠤᠯᠭ᠎ᠠ ᠰᠦᠪᠡᠭᠴᠢᠯᠡᠵᠦ᠂ ᠣᠲᠣ | ᠪᠤᠯᠳᠠᠯ᠎ᠠ ᠨᠤᠲᠤᠭ ᠤᠰᠤᠨ ᠳᠠᠭᠠᠨ ᠦᠢᠯᠡᠴᠢᠯᠡᠬᠦ ᠬᠦᠰᠡᠯ ᠲᠠᠢ ᠡᠯ᠎ᠡ ᠲᠥᠷᠥᠯ ᠤᠨ ᠴᠢᠳᠠᠪᠤᠷᠢᠲᠠᠨ ᠢ ᠨᠢᠭᠡᠨᠲᠡ 355 | ᠨᠡᠷᠡᠰ ᠪᠦᠷᠢᠳᠬᠡᠨ ᠬᠥᠮᠥᠷᠭᠡ ᠳᠤ ᠣᠷᠣᠭᠤᠯᠪᠠ᠃ ︽ᠵᠠᠰᠠᠭ ᠤᠨ ᠣᠷᠳᠣᠨ ᠭᠤᠤᠯᠯᠠᠬᠤ + ᠠᠵᠤ ᠠᠬᠤᠶᠢᠯᠠᠯ ᠤᠨ | ᠭᠤᠤᠯ ᠴᠣᠭᠴᠠ︾ ᠶᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠵᠠᠭᠪᠤᠷ ᠢ ᠴᠢᠩᠭᠠᠷᠠᠭᠤᠯᠵᠤ᠂ ᠠᠵᠤ | ᠦᠢᠯᠡᠰ ᠤᠨ ᠬᠥᠭᠵᠢᠯᠲᠡ ᠳᠤ ᠪᠠᠴᠢᠮ ᠬᠡᠷᠡᠭᠰᠡᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠵᠦ᠂ | ᠣᠲᠣ ᠨᠢᠭᠡᠨᠲᠡ ᠴᠢᠳᠠᠪᠤᠷᠢᠲᠠᠨ ᠢ 548 ᠨᠡᠷᠡᠰ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠤᠨ ᠨᠡᠭᠡᠭᠡᠬᠦ ᠪᠦᠯᠬᠦᠮ ᠢ 3 ᠣᠷᠣᠭᠤᠯᠤᠨ ᠠᠪᠴᠢᠷᠠᠪᠠ᠃ | | |