7 ᠰᠠᠷ᠎ᠠ ᠶᠢᠨ 5 ᠤ ᠡᠳᠦᠷ ᠠᠴᠠ 7 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ | ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠳᠤᠮᠳᠠᠳᠤ ᠤᠯᠤᠰ ᠤᠨ ᠴᠢᠯᠠᠭᠤᠨ ᠲᠣᠰᠣᠨ ᠤ ᠶᠡᠭᠡ | ᠰᠤᠷᠭᠠᠭᠤᠯᠢ ︵ᠬᠤᠸᠠ ᠳ᠋ᠦᠩ︶ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠨᠠᠮ ᠤᠨ | ᠬᠤᠷᠢᠶ᠎ᠠ ᠶᠢᠨ ᠱᠦᠵᠢ ᠸᠠᠩ ᠵᠢᠶᠦ᠋ᠨ ᠪᠤᠯᠤᠨ ᠠᠵᠤ ᠠᠬᠤᠶ ᠶᠢᠨ ᠬᠠᠮᠢᠶᠠᠷᠤᠯᠲᠠ ᠶᠢᠨ ᠬᠦᠷᠢᠶᠡᠯᠡᠩ ᠤᠨ MBA | ᠠᠵᠢᠯ ᠤᠨ ᠪᠠᠶᠢᠷᠢ ᠳᠡᠭᠡᠷᠡᠬᠢ ᠠᠰᠫᠢᠷᠠᠨᠲ ︵ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ︶ ᠨᠠᠷ ᠲᠤ | ᠪᠠᠷ᠎ᠠ ᠪᠣᠯᠵᠣ᠂ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠥᠷᠨᠢᠭᠦᠯᠪᠡ᠃ | ᠡᠵᠡᠩᠨᠡᠯᠲᠡ ᠬᠠᠮᠢᠶᠠᠷᠤᠯᠲᠠ ᠶᠢᠨ ᠬᠦᠷᠢᠶᠡᠯᠡᠩ ᠤᠨ ᠬᠢᠨ ᠰᠤᠷᠭᠠᠭᠤᠯᠢ ᠪᠠ ᠣᠷᠣᠨ ᠨᠤᠲᠤᠭ ᠤᠨ | ᠬᠠᠮᠲᠤᠷᠠᠯᠴᠠᠭ᠎ᠠ ᠶᠢ ᠪᠦᠲᠦᠮᠵᠢᠲᠡᠶ ᠴᠢᠩᠭᠠᠳᠬᠠᠵᠤ᠂ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ᠮᠠᠨ ᠤ ᠬᠤᠰᠢᠭᠤᠨ ᠤ ᠠᠵᠤ ᠦᠢᠯᠡᠰ ᠤᠨ ᠡᠬᠢ ᠪᠠᠶᠠᠯᠢᠭ ᠤᠨ ᠣᠷᠣᠨ ᠪᠠᠶᠢᠷᠢ ᠵᠡᠷᠭᠡ | ᠳᠠᠪᠠᠭᠤᠯᠢᠭ ᠢ ᠦᠨᠳᠦᠰᠦᠯᠡᠨ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ | ᠬᠢᠬᠦ ᠶᠢᠨ ᠬᠠᠮᠲᠤ ᠶᠠᠷᠢᠯᠴᠠᠨ ᠰᠣᠯᠢᠯᠴᠠᠵᠤ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠷᠠᠭᠠᠴᠢ ᠶᠢᠨ | ᠠᠯᠬᠤᠮ ᠳᠤ ᠣᠷᠣᠨ ᠨᠤᠲᠤᠭ ᠤᠨ ᠠᠵᠤ ᠦᠢᠯᠡᠰ ᠤᠨ ᠬᠥᠭᠵᠢᠯᠲᠡ ᠶᠢᠨ ᠡᠬᠢ ᠪᠠᠶᠠᠯᠢᠭ ᠤᠨ ᠳᠠᠪᠠᠭᠤᠯᠢᠭ ᠲᠤ | ᠲᠦᠰᠢᠭᠯᠡᠨ ᠬᠠᠮᠲᠤᠷᠠᠯᠴᠠᠭᠠᠨ ᠤ ᠣᠷᠣᠨ ᠵᠠᠶ ᠶᠢ ᠢᠳᠡᠪᠬᠢᠲᠡᠶ ᠡᠷᠢᠯᠬᠢᠯᠡᠬᠦ ᠶᠢᠨ ᠬᠠᠮᠲᠤ ᠮᠠᠨ ᠤ ᠬᠤᠰᠢᠭᠤᠨ ᠳᠤ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠠᠨᠢᠯᠴᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠬᠤᠷᠠᠯ ᠤᠨ | ᠳᠠᠷᠠᠭ᠎ᠠ ᠪᠡᠯᠡᠭᠯᠡᠨ ᠬᠦᠷᠭᠡᠬᠦ ᠶᠣᠰᠣᠯᠠᠯ ᠶᠠᠪᠤᠭᠤᠯᠤᠨ᠎ᠠ ᠭᠡᠵᠦ ᠢᠯᠡᠷᠬᠡᠶᠢᠯᠡᠪᠡ᠃ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠲᠦᠩ ᠭᠦᠸᠧ ᠪᠢᠶᠣᠣ᠂ | ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠲᠤᠤ ᠵᠧᠩ ᠯᠢᠶᠠᠩ ᠵᠢᠴᠢ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃ | | |