ᠵᠢᠷᠤᠭᠳᠤ ᠲᠠᠶᠢᠯᠤᠮᠵᠢ᠄ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2024/7/11
    ᠮᠠᠨ ᠤ ᠬᠤᠰᠢᠭᠤᠨ ᠤ ᠬᠠᠤᠯᠢ ᠶᠣᠰᠣᠭᠠᠷ ᠰᠤᠷᠭᠠᠭᠤᠯᠢ ᠡᠷᠭᠢᠯᠡᠬᠦ ᠶᠢ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠲᠥᠪ ᠭᠤᠤᠯᠴᠢ ᠢᠯᠡ ᠲᠣᠳᠣ ᠰᠣᠷᠣᠭᠴᠢ ᠡᠯᠰᠡᠬᠦ ᠠᠵᠢᠯ ᠤᠨ ᠣᠷᠴᠢᠨ ᠲᠣᠭᠤᠷᠢᠨ ᠢ ᠪᠣᠶ ᠪᠤᠯᠭᠠᠬᠤ ᠶᠢᠨ ᠲᠤᠰᠠᠳᠠ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠠᠴᠠ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠂ ᠡᠳᠦᠭᠡ ︽ᠲᠥᠰᠦᠯ︾ ᠤᠨ ᠬᠠᠮᠢᠶ᠎ᠠ ᠪᠥᠬᠦᠶ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠄     ︽ᠲᠥᠰᠦᠯ︾ ᠨᠢ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠰᠣᠷᠣᠭᠴᠢ ᠡᠯᠰᠡᠬᠦ ᠠᠷᠭ᠎ᠠ ᠮᠠᠶ᠋ᠢᠭ᠂ ᠨᠥᠬᠦᠴᠡᠯ ᠵᠢᠴᠢ ᠨᠡᠷ᠎ᠡ ᠮᠡᠳᠡᠭᠦᠯᠵᠦ ᠰᠣᠷᠣᠭᠴᠢ ᠡᠯᠰᠡᠬᠦ ᠠᠷᠭ᠎ᠠ᠂ ᠲᠡᠩᠴᠡᠪᠦᠷᠢ ᠲᠠᠢ ᠠᠩᠭᠢ ᠬᠤᠪᠢᠶᠠᠬᠤ᠂ ᠰᠣᠷᠣᠭᠴᠢ ᠡᠯᠰᠡᠬᠦ ᠴᠠᠭ ᠵᠢᠴᠢ ᠲᠣᠬᠢᠷᠠᠭᠤᠯᠤᠯᠲᠠ᠂ ᠬᠠᠮᠢᠶ᠎ᠠ ᠪᠥᠬᠦᠶ ᠲᠣᠭᠲᠠᠭᠠᠯ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠳᠠᠭᠠᠯᠳᠤᠭᠤᠯᠤᠯ ᠮᠠᠲ᠋ᠧᠷᠢᠶᠠᠯ ᠵᠡᠷᠭᠡ 8 ᠲᠠᠯ᠎ᠠ ᠶᠢᠨ ᠠᠭᠤᠯᠭ᠎ᠠ ᠪᠠᠷ ᠪᠦᠷᠢᠯᠳᠦᠵᠡᠶ᠃    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠪᠠ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ᠂ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠡᠷᠬᠡ ᠠᠰᠢᠭ ᠢ ᠬᠠᠮᠠᠭᠠᠯᠠᠬᠤ ᠪᠠᠷ ᠵᠣᠷᠢᠯᠲᠠ ᠪᠣᠯᠭᠠᠵᠤ᠂ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠰᠣᠷᠣᠭᠴᠢ ᠡᠯᠰᠡᠬᠦ ᠰᠠᠬᠢᠯᠭ᠎ᠠ ᠪᠠᠲᠤ ᠶᠢ ᠴᠢᠩᠳᠠᠯᠠᠵᠤ᠂ ᠰᠣᠷᠣᠭᠴᠢ ᠡᠯᠰᠡᠬᠦ ᠠᠵᠢᠯ ᠤᠨ ᠰᠢᠨᠵᠢᠯᠡᠬᠦ ᠤᠬᠠᠭᠠᠨᠴᠢ ᠨᠠᠷᠢᠨ ᠨᠢᠮᠪᠠᠶ᠂ ᠡᠮᠬᠢ ᠵᠢᠷᠤᠮ ᠲᠠᠢ ᠥᠨᠳᠥᠷ ᠪᠦᠲᠦᠮᠵᠢᠲᠡᠶ᠂ ᠢᠯᠡ ᠲᠣᠳᠣ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠵᠤ᠂ ᠬᠡᠤᠬᠡᠳ ᠨᠢᠭᠡᠪᠦᠷᠢ ᠳᠤ ᠴᠥᠮ ᠡᠷᠬᠡ ᠲᠡᠭᠰᠢ ᠪᠥᠭᠡᠳ ᠴᠢᠨᠠᠷ ᠰᠠᠶᠢᠲᠠᠶ ᠰᠤᠷᠭᠠᠨ ᠬᠥᠮᠦᠵᠢᠯ ᠬᠦᠷᠲᠡᠭᠡᠨ᠎ᠡ᠃    ᠬᠤᠶᠠᠷ᠂ ᠦᠨᠳᠦᠰᠦᠨ ᠵᠠᠷᠴᠢᠮ    ᠨᠢᠭᠡ ᠳᠤ ᠬᠠᠤᠯᠢ ᠲᠣᠭᠲᠠᠭᠠᠯ ᠢ ᠵᠢᠷᠤᠮᠯᠠᠬᠤ ᠵᠠᠷᠴᠢᠮ ᠢ ᠪᠠᠷᠢᠮᠲᠠᠯᠠᠨ᠎ᠠ︔ ᠬᠤᠶᠠᠷ ᠲᠤ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠵᠢᠭᠦᠯᠬᠦ ᠵᠠᠷᠴᠢᠮ ᠢ ᠪᠠᠷᠢᠮᠲᠠᠯᠠᠨ᠎ᠠ︔ ᠭᠤᠷᠪᠠ ᠳᠤ ᠰᠢᠯᠭᠠᠯᠲᠠ ᠠᠴᠠ ᠬᠡᠯᠳᠦᠷᠢᠬᠦᠯᠵᠦ ᠣᠶᠢᠷ᠎ᠠ ᠬᠠᠪᠢ ᠳᠠᠭᠠᠨ ᠪᠠ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠵᠠᠷᠴᠢᠮ ᠢ ᠪᠠᠷᠢᠮᠲᠠᠯᠠᠨ᠎ᠠ︔ ᠲᠦᠷᠪᠡ ᠳᠤ᠂ ᠡᠷᠬᠡ ᠲᠡᠭᠰᠢ᠂ ᠲᠥᠪ ᠭᠤᠣᠯᠴᠢ᠂ ᠢᠯᠡ ᠲᠣᠳᠣ ᠪᠠᠶᠢᠯᠭᠠᠬᠤ ᠵᠠᠷᠴᠢᠮ ᠢ ᠪᠠᠷᠢᠮᠲᠠᠯᠠᠨ᠎ᠠ︔ ᠲᠠᠪᠤ ᠳᠤ ᠂ ᠬᠠᠷᠢᠴᠠᠩᠭᠤᠢ ᠲᠣᠭᠲᠠᠭᠤᠨ᠂ ᠵᠣᠬᠢᠰᠲᠠᠢ ᠲᠣᠬᠢᠷᠠᠭᠤᠯᠬᠤ ᠵᠠᠷᠴᠢᠮ ᠢ ᠪᠠᠷᠢᠮᠲᠠᠯᠠᠨ᠎ᠠ᠃    ᠭᠤᠷᠪᠠ᠂ ᠰᠤᠷᠤᠭᠴᠢ ᠡᠯᠰᠡᠬᠦ ᠰᠤᠷᠭᠠᠭᠤᠯᠢ ᠳᠤ ᠣᠷᠣᠬᠤ ᠠᠷᠭ᠎ᠠ ᠮᠠᠶ᠋ᠢᠭ᠂ ᠨᠥᠬᠦᠴᠡᠯ ᠵᠢᠴᠢ ᠨᠡᠷ᠎ᠡ ᠮᠡᠳᠡᠭᠦᠯᠵᠦ ᠡᠯᠰᠡᠬᠦ ᠠᠷᠭ᠎ᠠ    ᠰᠤᠷᠤᠭᠴᠢ ᠡᠯᠰᠡᠬᠦ ᠡᠲᠡᠭᠡᠳ᠂ ᠡᠷᠳᠡᠮ ᠤᠨ ᠴᠣᠯᠠ ᠶᠢᠨ ᠲᠥᠷᠥᠯ ᠵᠦᠢᠯ᠂ ᠨᠡᠷ᠎ᠡ ᠮᠡᠳᠡᠭᠦᠯᠬᠦ ᠠᠷᠭ᠎ᠠ᠂ ᠡᠯᠰᠡᠬᠦ ᠠᠷᠭ᠎ᠠ ᠶᠢ ᠨᠠᠶᠢᠳᠠᠪᠤᠷᠢᠵᠢᠭᠤᠯᠵᠤ᠂ ᠰᠣᠷᠣᠭᠴᠢ ᠡᠯᠰᠡᠬᠦ ᠰᠤᠷᠭᠠᠭᠤᠯᠢ ᠳᠤ ᠨᠡᠷ᠎ᠡ ᠮᠡᠳᠡᠭᠦᠯᠬᠦ ᠦᠨᠡᠨᠴᠢ ᠢᠲᠡᠭᠡᠮᠵᠢ ᠶᠢᠨ ᠨᠡᠷ᠎ᠡ ᠶᠢᠨ ᠬᠠᠷ᠎ᠠ ᠲᠠᠩᠰᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠣᠨᠴᠠᠭᠠᠶ ᠬᠥᠮᠦᠰ ᠢ ᠬᠠᠯᠠᠮᠵᠢᠯᠠᠨ ᠬᠠᠶᠢᠷᠠᠯᠠᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠡᠵᠡᠮᠳᠡᠵᠦ ᠰᠤᠷᠤᠯᠭ᠎ᠠ ᠶᠢ ᠪᠠᠲᠤᠯᠠᠬᠤ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠰᠣᠷᠣᠭᠴᠢ ᠡᠯᠰᠡᠬᠦ ᠠᠷᠭ᠎ᠠ ᠬᠡᠯᠪᠡᠷᠢ᠂ ᠨᠥᠬᠦᠴᠡᠯ ᠵᠢᠴᠢ ᠨᠡᠷ᠎ᠡ ᠮᠡᠳᠡᠭᠦᠯᠵᠦ ᠰᠣᠷᠣᠭᠴᠢ ᠡᠯᠰᠡᠬᠦ ᠠᠷᠭ᠎ᠠ ᠳᠤ ᠨᠠᠷᠢᠨ ᠲᠣᠳᠣᠷᠬᠠᠶᠢᠯᠠᠯᠲᠠ  ᠬᠢᠨ᠎ᠡ᠃    ᠲᠦᠷᠪᠡ᠂ ᠲᠡᠩᠴᠡᠪᠦᠷᠢ ᠲᠠᠢ ᠠᠩᠬᠢ ᠬᠤᠪᠢᠶᠠᠬᠤ    ︽ᠲᠦᠩᠯᠢᠶᠣᠤ ᠬᠤᠲᠠ ᠶᠢᠨ ᠰᠤᠷᠭᠠᠨ ᠬᠥᠮᠦᠵᠢᠯ ᠤᠨ ᠡᠭᠦᠯᠡᠨ︾ ᠰᠦᠯᠵᠢᠶᠡᠨ ᠳᠡᠭᠡᠷ᠎ᠡ ᠠᠩᠭᠢ ᠬᠤᠪᠢᠶᠠᠬᠤ ᠰᠢᠰᠲ᠋ᠧᠮ ᠢᠶᠠᠷ ᠲᠡᠩᠴᠡᠭᠦᠷᠢᠲᠡᠶ ᠠᠩᠭᠢ ᠬᠤᠪᠢᠶᠠᠵᠤ᠂ ᠪᠠᠭᠰᠢ ᠲᠣᠬᠢᠷᠠᠭᠤᠯᠬᠤ᠂ ᠰᠢᠨ᠎ᠡ ᠰᠤᠷᠤᠭᠴᠢ ᠲᠠᠰᠢᠷᠠᠮ ᠢᠶᠠᠷ ᠠᠩᠭᠢ ᠬᠤᠪᠢᠶᠠᠬᠤ᠂ ᠠᠩᠭᠢ ᠶᠢᠨ ᠡᠷᠬᠢᠯᠡᠭᠴᠢ ᠲᠤᠬᠠᠶ ᠶᠢᠨ ᠲᠠᠯᠠᠪᠤᠷ ᠲᠤ ᠰᠢᠪᠠᠭ᠎ᠠ ᠰᠤᠭᠤᠯᠬᠤ ᠭᠤᠷᠪᠠᠨ ᠭᠤᠭᠴᠤᠭ᠎ᠠ ᠪᠠᠷ ᠳᠠᠮᠵᠢᠭᠤᠯᠤᠨ᠂ ᠡᠴᠦᠰ ᠲᠡᠭᠡᠨ ᠠᠩᠭᠢ ᠬᠤᠪᠢᠶᠠᠭᠰᠠᠨ ᠦᠷ᠎ᠡ ᠳ᠋ᠦᠩ ᠢ ᠲᠤᠭᠳᠠᠭᠠᠨ᠎ᠠ᠃    ᠲᠠᠪᠤ᠂ ᠰᠤᠷᠤᠭᠴᠢ ᠡᠯᠰᠡᠬᠦ ᠴᠠᠭ ᠵᠢᠴᠢ ᠲᠣᠬᠢᠷᠠᠭᠤᠯᠤᠯᠲᠠ    4 ᠰᠠᠷ᠎ᠠ ᠳᠤ ᠰᠣᠷᠣᠭᠴᠢ ᠡᠯᠰᠡᠬᠦ ᠲᠥᠰᠦᠯ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠳᠡᠯᠡᠨ᠎ᠡ︔ 6 ᠰᠠᠷ᠎ᠠ ᠳᠤ ᠪᠥᠬᠦ ᠬᠤᠰᠢᠭᠤᠨ ᠤ ᠰᠣᠷᠣᠭᠴᠢ ᠡᠯᠰᠡᠬᠦ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ︔ 7 ᠰᠠᠷ᠎ᠠ ᠶᠢᠨ ᠰᠡᠭᠦᠯᠴᠢ ᠪᠠᠷ᠂ ᠪᠠᠭ᠎ᠠ ᠰᠤᠷᠭᠠᠭᠤᠯᠢ᠂ ᠠᠩ᠊‍ᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠢ ᠪᠡᠶᠡᠯᠡᠬᠦᠯᠦᠨ᠎ᠡ︔ 8 ᠰᠠᠷ᠎ᠠ ᠶᠢᠨ 20 ᠤ ᠡᠳᠦᠷ ᠠᠴᠠ ᠡᠮᠦᠨ᠎ᠡ ᠲᠡᠩᠴᠡᠪᠦᠷᠢ ᠲᠠᠢ ᠠᠩᠭᠢ ᠬᠤᠪᠢᠶᠠᠬᠤ ᠶᠢ ᠪᠡᠶᠡᠯᠡᠭᠦᠯᠦᠨ᠎ᠡ᠃    ᠵᠢᠷᠭᠤᠭ᠎ᠠ᠂ ᠬᠠᠮᠢᠶ᠎ᠠ ᠪᠦᠬᠦᠢ ᠲᠣᠭᠲᠠᠭᠠᠯ    ᠡᠷᠦᠬᠡ ᠠᠮᠠ ᠶᠢᠨ ᠲᠠᠩᠰᠠ ᠶᠢᠨ ᠱᠠᠭᠠᠷᠳᠠᠯᠭ᠎ᠠ᠂ ᠬᠡᠷ ᠬᠥᠷᠥᠩᠭᠡ ᠶᠢᠨ ᠱᠠᠭᠠᠷᠳᠠᠯᠭ᠎ᠠ᠂ ᠠᠰᠠᠷᠠᠨ ᠬᠠᠷᠠᠭᠠᠯᠵᠠᠬᠤ ᠡᠲᠡᠭᠡᠳ ᠵᠢᠴᠢ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ᠂ ᠬᠥᠮᠦᠨ ᠠᠮᠠ ᠶᠢᠨ ᠲᠣᠬᠢᠷᠠᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠳᠡᠮᠵᠢᠬᠦ᠂ ︽ᠵᠢᠵᠢᠭ ᠬᠤᠭᠤᠯᠠᠨ ᠰᠢᠷᠡᠭᠡ︾ ᠶᠢᠨ ᠠᠵᠢᠯ ᠲᠥᠷᠥᠯ ᠤᠨ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠰᠤᠷᠭᠠᠭᠤᠯᠢ ᠰᠢᠯᠵᠢᠬᠦ ᠲᠦᠷᠢᠮ ᠢ ᠵᠢᠷᠤᠮᠵᠢᠭᠤᠯᠬᠤ ᠵᠡᠷᠭᠡ᠃    ᠳᠣᠯᠤᠭ᠎ᠠ᠂ ᠪᠠᠲᠤᠯᠠᠬᠤ ᠠᠷᠭ᠎ᠠ ᠬᠡᠮᠵᠢᠶ᠎ᠡ    ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ︔ ᠬᠤᠶᠠᠷ ᠲᠤ ᠰᠤᠷᠤᠭᠴᠢ ᠡᠯᠰᠡᠬᠦ ᠤᠬᠠᠭᠤᠯᠭ᠎ᠠ ᠶᠢᠨ ᠠᠵᠢᠯ ᠢ ᠰᠠᠶᠢᠲᠤᠷ ᠬᠢᠨ᠎ᠡ︔ ᠭᠤᠷᠪᠠ ᠳᠤ ᠠᠩᠭᠢ ᠶᠢᠨ ᠲᠤᠭ᠎ᠠ ᠪᠠ ᠠᠩᠭᠢ ᠶᠢᠨ ᠰᠤᠷᠤᠭᠴᠢ ᠶᠢᠨ ᠲᠤᠭ᠎ᠠ ᠶᠢ ᠴᠢᠩᠭ᠎ᠠ ᠬᠢᠵᠠᠭᠠᠷᠯᠠᠨ᠎ᠠ︔ ᠲᠦᠷᠪᠡ ᠳᠤ᠂ ᠰᠤᠷᠤᠭᠴᠢ ᠡᠯᠰᠡᠬᠦ ᠰᠠᠬᠢᠯᠭ᠎ᠠ ᠪᠠᠲᠤ ᠶᠢ ᠴᠢᠩᠳᠠᠯᠠᠨ᠎ᠠ︔ ᠲᠠᠪᠤ ᠳᠤ᠂ ᠨᠡᠶᠢᠭᠡᠮ ᠤᠨ ᠬᠢᠨᠠᠯᠲᠠ ᠶᠢ ᠴᠢᠩᠭᠠᠳᠬᠠᠨ᠎ᠠ᠃    ᠨᠠᠢᠮᠠ᠂ ᠳᠠᠭᠠᠯᠳᠤᠭᠤᠯᠤᠯ ᠮᠠᠲ᠋ᠧᠷᠢᠶᠠᠯ    ᠮᠠᠨ ᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠳᠤ ᠲᠣᠬᠢᠷᠠᠭᠤᠯᠤᠯᠲᠠ ᠬᠢᠵᠦ᠂ ᠡᠯ᠎ᠡ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠰᠤᠷᠭᠠᠭᠤᠯᠢ ᠶᠢᠨ ᠰᠣᠷᠣᠭᠴᠢ ᠡᠯᠰᠡᠬᠦ ᠣᠷᠣᠨ ᠪᠦᠰᠡ ᠶᠢᠨ ᠬᠡᠰᠡᠭ ᠬᠤᠪᠢᠶᠠᠭᠰᠠᠨ ᠪᠠᠶᠢᠳᠠᠯ ᠪᠠ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠶᠢᠨ ᠬᠦᠰᠦᠨᠦᠭᠲᠦ ᠵᠢᠴᠢ ᠪᠤᠰᠤᠳ ᠬᠠᠮᠢᠶ᠎ᠠ ᠪᠥᠬᠦᠶ ᠭᠤᠶᠤᠴᠢᠯᠠᠬᠤ ᠬᠦᠰᠦᠨᠦᠭ ᠢ ᠨᠡᠶᠢᠳᠡᠯᠡᠨ᠎ᠡ᠃         ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0475 — 5212351 ︵ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠰᠠᠭᠤᠷᠢ ᠰᠤᠷᠭᠠᠨ ᠬᠥᠮᠦᠵᠢᠯ ᠤᠨ ᠲᠠᠰᠤᠭ︶     ᠲᠠᠶᠢᠯᠤᠮᠵᠢ ᠬᠢᠬᠦ ᠨᠢᠭᠡᠴᠡ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ     ᠲᠠᠶᠢᠯᠤᠮᠵᠢ ᠬᠢᠭᠴᠢ᠄ ᠰᠠᠭᠤᠷᠢ ᠰᠤᠷᠭᠠᠨ ᠬᠥᠮᠦᠵᠢᠯ ᠤᠨ ᠲᠠᠰᠤᠭ      ᠲᠠᠶᠢᠯᠤᠮᠵᠢ ᠬᠢᠬᠦ ᠤᠲᠠᠰᠤ᠄ 0475 — 5212351   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号