ᠨᠢᠭᠡ᠂ ᠴᠢᠬᠢ ᠶᠢᠨ ᠬᠤᠭᠤᠴᠠᠭᠠᠨ ᠤ ᠬᠠᠮᠢᠶᠠᠷᠤᠯᠲᠠ ᠶᠢ ᠳᠥᠭᠦᠮᠴᠢᠯᠡᠨ᠎ᠡ᠃ ᠬᠠᠭᠰᠠᠷᠠᠪᠠᠯ ᠤᠰᠤᠯᠠᠵᠤ᠂ | ᠤᠰᠤᠳᠤᠪᠠᠯ ᠤᠰᠤ ᠲᠠᠲᠠᠷᠠᠭᠤᠯᠤᠨᠠ᠃ ᠭᠠᠩ ᠬᠠᠭᠰᠠᠷᠭᠠᠨ ᠲᠣᠬᠢᠶᠠᠯᠳᠤᠪᠠᠯ ᠳᠠᠷᠦ᠋ᠢᠬᠠᠨ ᠤᠰᠤᠯᠠᠵᠤ᠂ ᠴᠢᠬᠢ | ᠪᠦᠷᠢᠨ ᠪᠠᠶᠢᠬᠤ ᠶᠢ ᠪᠠᠲᠤᠯᠠᠬᠤ ᠬᠡᠷᠡᠭᠲᠡᠶ᠃ ᠤᠷᠲᠤ ᠬᠤᠭᠤᠴᠠᠭᠠᠨ ᠤ ᠭᠠᠩ ᠬᠠᠭᠰᠠᠷᠭᠠᠨ ᠲᠠᠢ ᠪᠣᠯ ᠴᠠᠭ | ᠲᠤᠬᠠᠶ ᠳᠤᠨᠢ ᠤᠰᠤᠯᠠᠬᠤ ᠬᠡᠷᠡᠭᠲᠡᠶ᠂ ᠦᠳᠡ ᠳᠤ ᠨᠠᠪᠴᠢ ᠤᠷᠢᠶᠠᠬᠤ᠂ ᠡᠷᠲᠡ ᠤᠷᠤᠢ ᠨᠠᠪᠴᠢ ᠳᠡᠯᠭᠡᠬᠦ ᠦᠶ᠎ᠡ ᠳᠤ | ᠤᠰᠤᠯᠠᠬᠤ ᠴᠢᠬᠤᠯᠠ ᠦᠭᠡᠢ᠃ ᠬᠡᠷᠪᠡ ᠰᠢᠷᠦᠭᠦᠨ ᠪᠣᠷᠣᠭᠠᠨ ᠤᠷᠤᠵᠤ ᠲᠠᠷᠢᠶᠠᠨ ᠭᠠᠵᠠᠷ ᠲᠤ ᠤᠰᠤ ᠬᠤᠷᠠᠭᠰᠠᠨ | ᠪᠠᠶᠢᠪᠠᠯ ᠴᠠᠭ ᠲᠤᠬᠠᠶ ᠳᠤᠨᠢ ᠤᠰᠤ ᠲᠠᠲᠠᠷᠠᠭᠤᠯᠪᠠᠯ ᠵᠣᠬᠢᠨ᠎ᠠ᠃ | ᠬᠤᠶᠠᠷ᠂ ᠲᠦᠷᠦᠭᠦᠤ ᠭᠠᠷᠬᠤ ᠬᠤᠭᠤᠴᠠᠭᠠᠨ ᠤ ᠬᠠᠮᠢᠶᠠᠷᠤᠯᠲᠠ ᠶᠢ ᠴᠢᠬᠤᠯᠠᠴᠢᠯᠠᠨ᠎ᠠ᠃ ᠪᠢᠴᠢᠬᠠᠨ | ᠪᠦᠷᠢᠶ᠎ᠡ ᠶᠢᠨ ᠠᠮᠠᠰᠠᠷ ᠠᠴᠠ ᠲᠣᠮᠣ ᠪᠦᠷᠢᠶ᠎ᠡ ᠶᠢᠨ ᠠᠮᠠᠰᠠᠷ ᠬᠢᠷᠢ ᠪᠤᠯᠬᠤ ᠬᠤᠭᠤᠴᠠᠭ᠎ᠠ ᠪᠣᠯ ᠵᠣᠨ ᠤ ᠡᠷᠳᠡᠨᠢ ᠰᠢᠰᠢ | ᠪᠣᠷᠳᠣᠭᠤᠷ ᠬᠡᠷᠡᠭᠰᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠲᠣᠮᠣ ᠪᠦᠷᠢᠶ᠎ᠡ ᠶᠢᠨ ᠠᠮᠠᠰᠠᠷ ᠠᠴᠠ ᠤᠷᠤᠶᠢᠯᠠᠬᠤ | ᠦᠶ᠎ᠡ ᠪᠣᠯ ᠡᠷᠳᠡᠨᠢ ᠰᠢᠰᠢ ᠤᠰᠤ ᠬᠡᠷᠡᠭᠰᠡᠬᠦ ᠬᠤᠭᠤᠴᠠᠭ᠎ᠠ ᠪᠣᠯᠤᠨ᠎ᠠ᠂ ᠬᠡᠷᠪᠡ ᠭᠠᠩ ᠬᠠᠭᠰᠠᠷᠠᠭᠠᠨ ᠳᠤ | ᠲᠣᠬᠢᠶᠠᠯᠳᠤᠪᠠᠯ ᠴᠠᠭ ᠲᠤᠬᠠᠶ ᠳᠤᠨᠢ ᠤᠰᠤᠯᠠᠨ᠎ᠠ᠂ ᠢᠯᠠᠩᠭᠤᠶ᠎ᠠ ︽ᠪᠤᠭᠤᠮᠢ ᠬᠡᠯᠪᠡᠷᠢ ᠶᠢᠨ ᠬᠠᠭᠰᠠᠷᠠᠭᠠᠨ︾ | ᠡᠭᠦᠰᠬᠦ ᠠᠴᠠ ᠰᠡᠷᠭᠡᠶᠢᠯᠡᠬᠦ ᠬᠡᠷᠡᠭᠲᠡᠶ᠃ ᠥᠨᠳᠥᠷ ᠤᠨᠠᠯᠲᠠ ᠲᠠᠢ ᠲᠠᠷᠢᠶᠠᠨ ᠭᠠᠵᠠᠷ ᠲᠤ ᠪᠣᠷᠳᠣᠭᠤᠷ ᠠᠯᠳᠠᠭᠳᠠᠬᠤ | ᠦᠵᠡᠭᠳᠡᠯ ᠭᠠᠷᠬᠤ ᠦᠶ᠎ᠡ ᠳᠤ᠂ ᠮᠦ ᠪᠦᠷᠢ ᠳᠤ ᠠᠽᠣᠲ ᠪᠤᠷᠳᠣᠭᠤᠷ 10 ~ 15 ᠺᠢᠯᠣᠭ᠍ᠷᠠᠮ ᠨᠡᠮᠡᠵᠦ | ᠣᠷᠣᠭᠤᠯᠵᠤ᠂ ᠰᠠᠭᠤᠷᠢ ᠠᠴᠠ ᠨᠢ 10 ᠰᠠᠨᠲ᠋ᠢᠮᠧᠲᠷ ᠵᠠᠶᠢᠲᠠᠢ ᠭᠠᠵᠠᠷ ᠲᠤ ᠮᠠᠰᠢᠨ ᠢᠶᠠᠷ 10 ᠰᠡᠨᠲ᠋ᠢᠮᠧᠲᠷ ᠭᠦᠨ | ᠭᠤᠤ ᠮᠠᠯᠳᠠᠵᠤ ᠪᠤᠷᠳᠤᠭᠤᠷ ᠣᠷᠣᠭᠤᠯᠬᠤ ᠬᠡᠷᠡᠭᠲᠡᠢ᠃ ᠡᠩ ᠤᠨ ᠭᠠᠵᠠᠷ ᠲᠤ ᠪᠣᠷᠳᠣᠭᠤᠷ ᠤᠷᠤᠭᠤᠯᠤᠭᠰᠠᠨ ᠤ | ᠳᠠᠷᠠᠭ᠎ᠠ ᠬᠡᠷᠪᠡ ᠪᠣᠷᠳᠣᠭᠤᠷ ᠠᠯᠳᠠᠭᠳᠠᠬᠤ ᠦᠵᠡᠭᠳᠡᠯ ᠭᠠᠷᠬᠤ ᠦᠭᠡᠢ ᠪᠣᠯ ᠡᠩ ᠤᠨ ᠪᠠᠶᠢᠳᠠᠯ ᠳᠤ ᠪᠣᠷᠳᠣᠭᠤᠷ | ᠨᠡᠮᠡᠵᠦ ᠣᠷᠣᠭᠤᠯᠬᠤ ᠬᠡᠷᠡᠭ ᠦᠭᠡᠢ᠃ | ᠭᠤᠷᠪᠠ᠂ ᠵᠠᠯᠠᠭᠠᠯᠠᠵᠤ ᠬᠤᠭᠤᠴᠠᠭᠠᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠭᠠᠩ ᠬᠠᠭᠰᠠᠷᠭᠠᠨ | ᠲᠣᠬᠢᠶᠠᠯᠳᠤᠪᠠᠯ ᠴᠠᠭ ᠲᠤᠬᠠᠶ ᠳᠤᠨᠢ ᠤᠰᠤᠯᠠᠵᠤ᠂ ᠥᠨᠳᠥᠷ ᠤᠨᠠᠯᠲᠠ ᠲᠠᠢ ᠲᠠᠷᠢᠶᠠᠨ ᠭᠠᠵᠠᠷ ᠬᠠᠭᠰᠠᠷᠠᠭᠰᠠᠭᠠᠷ | ᠲᠠᠷᠤᠢ ᠲᠤᠨᠢ ᠤᠰᠤᠯᠠᠨ᠎ᠠ᠃ ᠪᠣᠷᠣᠭᠠᠨ ᠤ ᠳᠠᠷᠠᠭ᠎ᠠ ᠴᠠᠭ ᠲᠤᠬᠠᠢ ᠳᠤ ᠨᠢ ᠤᠰᠤ ᠶᠢ ᠨᠢ ᠭᠠᠳᠠᠭᠰᠢᠯᠠᠭᠤᠯᠤᠨ᠎ᠠ᠃ | ᠮᠥᠬᠦᠯᠢᠭᠲᠦ ᠪᠣᠷᠳᠣᠭᠤᠷ ᠨᠢ ᠰᠢᠭᠡᠰᠦᠯᠢᠭ ᠡᠳ᠋ ᠢᠶᠠᠷ ᠭᠤᠣᠯ ᠪᠣᠯᠭᠠᠵᠤ᠂ ᠤᠰᠤᠯᠠᠬᠤ ᠠᠴᠠ ᠡᠮᠦᠨ᠎ᠡ ᠪᠤᠶᠤ ᠪᠣᠷᠣᠭᠠᠨ | ᠣᠷᠣᠬᠤ ᠠᠴᠠ ᠡᠮᠦᠨ᠎ᠡ ᠨᠡᠮᠡᠵᠦ ᠣᠷᠣᠭᠤᠯᠬᠤ ᠶᠢ ᠤᠶᠠᠯᠳᠤᠭᠤᠯᠵᠤ ᠪᠣᠯᠤᠨ᠎ᠠ᠂ ᠪᠠᠰᠠ ᠵᠢᠯᠣᠭᠤᠴᠢ ᠦᠭᠡᠢ ᠨᠢᠰᠬᠡᠯ | ᠢᠶᠠᠷ ᠨᠠᠪᠴᠢ ᠲᠡᠭᠡᠷ᠎ᠡ ᠨᠢ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠦ ᠺᠠᠯᠢ᠂ ᠰᠢᠭᠡᠰᠦᠯᠢᠭ ᠡᠳ᠋ ᠰᠦᠷᠴᠢᠵᠦ | ᠪᠣᠯᠤᠨ᠎ᠠ᠃ | |